ᠬᠤᠰᠢᠭᠤ ᠪᠠᠭᠠᠴᠤᠳ ᠤᠨ ᠠᠵᠢᠯ ᠤᠨ ᠵᠥᠪᠯᠡᠯ ᠪᠣᠯᠤᠨ ᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ      ︿︿ᠯᠧᠢ ᠹᠧᠩ ᠤᠨ ᠰᠠᠶᠢᠨ ᠳᠠᠭᠤᠷᠢᠶᠠᠯ ᠢ ᠰᠤᠷᠤᠯᠴᠠᠵᠤ ᠰᠢᠨ᠎ᠡ ᠴᠠᠭ ᠦᠶ᠎ᠡ ᠶᠢᠨ ᠰᠠᠶᠢᠨ ᠭᠡᠰᠢᠭᠦᠨ ᠪᠣᠯᠬᠤ ᠪᠠᠷ ᠴᠢᠷᠮᠠᠶᠢᠶ᠎ᠠ﹀﹀ ᠭᠡᠰᠡᠨ ᠭᠤᠤᠯ ᠰᠡᠳᠣᠪᠲᠣ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/3/20
      ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠦ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠨᠡᠶᠢᠭᠡᠮ ᠤᠨ ᠦᠶᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠪᠠᠭᠠᠴᠤᠳ ᠬᠡᠦᠬᠡᠳ ᠢ ᠬᠥᠮᠦᠵᠢᠭᠦᠯᠦᠨ ᠵᠢᠯᠣᠭᠤᠳᠴᠤ ᠯᠧᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ ᠦᠢᠯᠡᠳᠦᠯᠭᠡᠵᠢᠭᠦᠯᠬᠦ ᠶᠢᠨ ᠲᠦᠯᠦᠭᠡ᠂ 3 ᠰᠠᠷ᠎ᠠ ᠶᠢᠨ 4 ᠤ ᠡᠳᠦᠷ᠂ ᠬᠤᠰᠢᠭᠤ ᠪᠠᠭᠠᠴᠤᠳ ᠤᠨ ᠠᠵᠢᠯ ᠤᠨ ᠵᠥᠪᠯᠡᠯ ᠪᠣᠯᠤᠨ ᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ ᠠᠴᠠ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠢ ᠵᠣᠬᠢᠶᠠᠨ ᠪᠠᠢᠭᠤᠯᠵᠤ ᠠᠯᠲᠠᠨ ᠨᠠᠮᠤᠷ ᠨᠠᠰᠤᠲᠠᠨ ᠢ ᠠᠰᠠᠷᠠᠬᠤ ᠬᠦᠷᠢᠶᠡᠯᠡᠩ  ᠳᠤ ᠬᠦᠷᠴᠦ ︿︿ᠯᠧᠢ ᠹᠧᠩ ᠤᠨ ᠰᠠᠶᠢᠨ ᠳᠠᠭᠤᠷᠢᠶᠠᠯ ᠢ ᠰᠤᠷᠤᠯᠴᠠᠵᠤ ᠰᠢᠨ᠎ᠡ ᠴᠠᠭ ᠦᠶ᠎ᠡ ᠶᠢᠨ ᠰᠠᠶᠢᠨ ᠭᠡᠰᠢᠭᠦᠨ ᠪᠣᠯᠬᠤ ᠪᠠᠷ  ᠴᠢᠷᠮᠠᠶᠢᠶ᠎ᠠ﹀﹀ ᠭᠡᠰᠡᠨ ᠭᠤᠤᠯ ᠰᠡᠳᠣᠪᠲᠣ ᠠᠵᠢᠯᠯᠠᠭ᠎ᠠ ᠦᠷᠨᠢᠭᠦᠯᠪᠡ᠃     ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠠᠴᠠ ᠨᠠᠰᠤᠲᠠᠶᠢᠴᠤᠳ ᠲᠤ ᠰᠦ᠂ ᠰᠣᠷᠭᠤᠭ ᠴᠡᠴᠡᠭ ᠵᠡᠷᠭᠡ ᠲᠤᠬᠤᠨᠢᠭᠤᠯᠭ᠎ᠠ ᠶᠢᠨ ᠪᠣᠳᠠᠰ  ᠬᠦᠷᠭᠡᠬᠦ ᠶᠢᠨ ᠬᠠᠮᠲᠦ ᠭᠤᠴᠣᠯᠠᠯ ᠳᠠᠭᠤᠤ ︿︿ᠮᠠᠯᠴᠢᠨ ᠲᠦᠮᠡᠨ ᠡᠪ ᠬᠠᠮᠲᠤ ᠨᠠᠮ ᠢᠶᠠᠨ ᠮᠠᠭᠲᠠᠨ ᠳᠠᠭᠤᠯᠠᠨ᠎ᠠ﹀﹀  ᠂ ᠭᠤᠴᠣᠯᠠᠯ ᠪᠥᠵᠢᠭ ︿︿ᠠᠮᠢᠵᠢᠷᠠᠯ ᠤᠨ ᠬᠦᠴᠦᠨ ᠲᠠᠢ ᠰᠢᠨ᠎ᠡ ᠴᠠᠭ ᠦᠶ᠎ᠡ﹀﹀᠂ ᠶᠠᠷᠢᠶ᠎ᠠ ᠢᠯᠡᠳᠬᠡᠯ ︿︿ᠯᠸᠢ ᠹᠧᠩ ᠤᠨ ᠵᠣᠷᠢᠭ ᠰᠠᠨᠠᠭ᠎ᠠ  ᠶᠢ ᠪᠠᠳᠠᠷᠠᠭᠤᠯᠵᠤ ᠶᠣᠰᠣ ᠰᠤᠷᠲᠠᠬᠤᠨ ᠲᠠᠢ ᠪᠠᠭᠠᠴᠤᠳ ᠪᠣᠯᠬᠤ ᠪᠠᠷ ᠴᠢᠷᠮᠠᠶᠢᠶ᠎ᠠ﹀﹀᠂ ᠨᠠᠶᠢᠷᠠᠯ ᠳᠠᠭᠤᠤ ︿︿ᠯᠸᠢ ᠹᠧᠩ ᠤᠨ ᠰᠠᠶᠢᠨ ᠥᠯᠢᠭᠡᠷ ᠳᠠᠭᠤᠷᠢᠶᠠᠯ ᠠᠴᠠ ᠰᠤᠷᠤᠯᠴᠠᠶ᠎ᠠ﹀﹀ ᠵᠡᠷᠭᠡ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠨᠠᠰᠤᠲᠠᠶᠢᠴᠤᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠣᠭᠰᠠᠨ ᠪᠠᠶᠢᠨ᠎ᠠ᠃      ᠠᠵᠢᠯᠯᠠᠭ᠎ᠠ ᠶᠢᠨ ᠬᠤᠭᠤᠴᠠᠭᠠᠨ ᠳᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠠᠴᠠ ᠵᠠᠷᠢᠮ  ᠨᠢ ᠨᠠᠰᠤᠲᠠᠨ ᠢ ᠬᠠᠪᠰᠤᠷᠤᠨ ᠥᠷᠥᠭᠡ ᠶᠢ ᠨᠢ ᠴᠡᠪᠡᠷᠯᠡᠵᠦ᠂ ᠵᠠᠷᠢᠮ ᠨᠢ ᠨᠠᠰᠤᠲᠠᠨ ᠲᠠᠢ ᠶᠠᠷᠢᠯᠴᠠᠵᠤ᠂ ᠪᠠᠰᠠ ᠵᠠᠷᠢᠮ  ᠨᠢ ᠨᠠᠰᠤᠲᠠᠨ ᠲᠠᠢ ᠰᠢᠲᠠᠷ᠎ᠠ ᠲᠠᠯᠪᠢᠵᠤ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠶᠢᠴᠤᠳ ᠲᠠᠢ ᠬᠠᠮᠲᠦ ᠨᠢᠭᠡᠨ ᠪᠠᠶᠠᠷ ᠬᠥᠷ ᠲᠠᠢ ᠦᠳᠡ ᠶᠢᠨ ᠬᠤᠶᠢᠨ᠎ᠠ ᠶᠢ ᠦᠩᠭᠡᠷᠡᠭᠦᠯᠪᠡ  ᠃      ᠲᠣᠰ ᠤᠳᠠᠭᠠᠨ ᠤ ᠨᠠᠰᠤᠲᠠᠶᠢᠴᠤᠳ ᠢ ᠬᠦᠨᠳᠦᠯᠡᠬᠦ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠨᠢ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠤ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠡᠷᠬᠢᠮ ᠰᠤᠷᠲᠠᠯ ᠤᠨ ᠬᠥᠮᠦᠵᠢᠯ ᠤᠨ ᠠᠮᠢᠳᠤᠯᠢᠭ ᠬᠢᠴᠢᠶᠡᠯ ᠣᠷᠣᠭᠤᠯᠵᠦ᠂ ᠦᠶᠯᠡᠳᠦᠯᠭᠡ ᠶᠢᠨ ᠠᠵᠢᠯᠯᠠᠭ᠎ᠠ ᠪᠠᠷ ᠳᠡᠮᠵᠢᠨ ᠯᠸᠢ ᠹᠧᠩ ᠤᠨ ᠵᠣᠷᠢᠭ ᠰᠠᠨᠠᠭ᠎ᠠ ᠶᠢ ᠦᠶᠯᠡᠳᠦᠯᠭᠡᠵᠢᠭᠦᠯᠵᠦ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠨᠠᠰᠤᠲᠠᠶᠢᠴᠤᠳ ᠢ ᠬᠦᠨᠳᠦᠯᠡᠬᠦ ᠤᠬᠠᠮᠰᠠᠷ ᠢ ᠴᠢᠩᠭᠠᠷᠠᠭᠤᠯᠵᠤ᠂ ᠲᠡᠳᠡᠨ ᠳᠤ ᠬᠠᠶᠢᠷ᠎ᠠ ᠶᠢᠨ ᠠᠭᠤᠯᠤᠭᠳᠠᠬᠤᠨ ᠢ ᠣᠶᠢᠯᠠᠭᠠᠭᠤᠯᠵᠤ᠂ ᠬᠠᠶᠢᠷ᠎ᠠ ᠰᠡᠳᠬᠢᠯᠭᠡ ᠶᠢ ᠣᠶᠢᠯᠠᠭᠠᠭᠤᠯᠵᠤ᠂ ᠬᠠᠶᠢᠷ᠎ᠠ ᠶᠢᠨ ᠬᠠᠷᠢᠭᠤᠴᠠᠯᠭ᠎ᠠ  ᠶᠢ ᠣᠶᠢᠯᠠᠭᠠᠭᠤᠯᠵᠤ᠂ ᠬᠠᠶᠢᠷ᠎ᠠ ᠶᠢᠨ ᠬᠤᠪᠢ ᠨᠡᠮᠡᠷᠢ ᠶᠢ ᠰᠣᠷᠭᠠᠭᠰᠠᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号