ᠨᠠᠶᠠ ᠭᠠᠷᠤᠭᠰᠠᠨ ᠨᠠᠰᠤᠳᠠᠶᠢᠴᠤᠤᠨ ᠤᠯᠠᠭᠠᠨ ᠬᠡᠪᠢᠰᠦᠨ ᠳᠤ ᠠᠯᠬᠤᠵᠤ ᠪᠠᠶᠠᠷ ᠤᠨ ᠡᠳᠦᠷ ᠢᠶᠠᠨ ᠤᠭᠳᠤᠯ᠎ᠠ
ᠨᠡᠶᠢᠲᠡᠯᠡᠭᠰᠡᠨ ᠴᠠᠭ᠄
2024/3/20
      ︽3·8︾  ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 3.3  ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠨᠠᠮ ᠤᠨ ᠡᠬᠦᠷ ᠵᠢᠴᠢ ᠠᠶᠠᠨ ᠰᠠᠶᠢᠨ ᠲᠤᠷᠠᠴᠤᠤᠯ ᠤᠨ ᠨᠡᠶᠢᠭᠡᠮᠯᠢᠭ ᠤᠨ ︽ᠲᠠᠯ᠎ᠠ ᠨᠤᠲᠤᠭ ᠤᠨ ᠬᠥᠪᠡᠭᠦᠳ ᠥᠬᠢᠳ ᠨᠠᠮ ᠢᠶᠠᠨ ᠲᠠᠭᠠᠵᠤ᠂ ᠦᠡᠳᠦᠰᠦᠳᠡᠨ ᠨᠦᠭᠦᠳ ᠪᠦᠯᠬᠦᠮᠳᠡᠨ ᠨᠢᠭᠡ ᠭᠡᠷ ᠪᠦᠯᠢ ᠮᠡᠳᠦ ᠲᠤᠳᠤᠨᠤ ᠪᠠᠶᠢᠵᠠᠭᠠᠶ᠎ᠠ︾ ᠭᠤᠣᠯ ᠰᠠᠳᠦᠪᠳᠦ ︿︿3.8﹀﹀ ᠤ ᠲᠡᠯᠡᠬᠡᠢ ᠶᠢᠨ ᠡᠮᠡᠭᠳᠠᠶᠢᠴᠤᠤᠨ ᠤᠨ ᠪᠠᠶᠠᠷ ᠢ ᠤᠭᠳᠤᠬᠤ ᠪᠠ ᠨᠡᠶᠢᠭᠡᠮᠯᠢᠭ ᠪᠠᠶᠢᠭᠤᠯᠤᠭᠳᠠᠭᠰᠠᠨ ᠨᠢᠭᠡ ᠵᠢᠯ ᠤᠨ ᠤᠢ ᠶᠢ ᠪᠡᠯᠡᠭᠯᠡᠬᠦ ᠠᠵᠢᠯᠯᠠᠭ᠎ᠠ ᠨᠢ ︿︿ᠠᠯᠳᠠᠨ ᠤᠷᠳᠤᠨ﹀﹀ ᠶᠤᠰᠤᠯᠠᠯ ᠤᠨ ᠭᠠᠵᠠᠷ ᠤᠤᠠᠬ᠎ᠠ ᠲᠡᠬᠦᠯᠳᠡᠷ ᠶᠠᠪᠤᠭᠳᠠᠵᠠᠢ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠬᠦᠨ᠂ ᠤᠬᠠᠭᠤᠯᠬᠤ ᠬᠡᠯᠳᠡᠰ  ᠤᠨ ᠲᠠᠷᠤᠭ᠎ᠠ ᠰᠠᠷᠠᠭᠤᠯᠳᠤᠶᠠᠭ᠎ᠠ ᠵᠢᠴᠢ ᠬᠤᠰᠢᠭᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ  ᠬᠡᠯᠳᠡᠰ᠂ ᠡᠮᠡᠭᠳᠠᠶᠢᠴᠤᠤᠨ ᠤᠨ ᠬᠤᠯᠪᠤᠭᠠᠳᠤ ᠬᠤᠷᠠᠯ᠂ ᠠᠷᠠᠤᠨ ᠤᠨ ᠶᠠᠪᠤᠳᠠᠯ ᠤᠨ ᠲᠤᠪᠴᠢᠶ᠎ᠠ᠂ ᠦᠡᠳᠦᠰᠦᠳᠡᠨ ᠤ ᠬᠡᠷᠡᠭ ᠡᠷᠬᠢᠯᠡᠬᠦ  ᠲᠤᠪᠴᠢᠶ᠎ᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠠᠵᠢᠯᠯᠠᠭ᠎ᠠ ᠳᠤ ᠤᠷᠤᠯᠴᠠᠵᠠᠢ  ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ  ᠤᠨ 75 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠠ ᠠᠶᠠᠨ ᠰᠠᠶᠢᠨ ᠲᠤᠷᠠᠴᠤᠤᠯ ᠤᠨ ᠨᠡᠶᠢᠭᠡᠮᠯᠢᠭ ᠤᠨ 70 ᠨᠠᠰᠤᠨ   ᠠᠴᠠ ᠳᠡᠭᠡᠭᠰᠢᠬᠢ ᠨᠠᠰᠤᠲᠠᠳ ᠤᠯᠠᠭᠠᠨ ᠬᠡᠪᠢᠰ ᠢᠶᠠᠷ ᠠᠯᠬᠤᠵᠤ  ᠭᠠᠷ ᠤᠨ ᠥᠰᠥᠭ ᠵᠢᠷᠤᠬᠤ ᠶᠤᠰᠤᠯᠠᠯ  ᠶᠠᠪᠤᠭᠳᠠᠭᠤᠯᠵᠠᠢ᠃      ᠠᠵᠢᠯᠯᠠᠭ᠎ᠠ ᠨᠢ ︽ᠬᠦᠡᠳᠦᠳᠦ ᠬᠠᠶᠢᠷᠠᠳᠦ ᠮᠠᠤ ᠲᠡᠷᠢᠭᠦᠯᠡᠭᠴᠢ︾ ᠭᠡᠬᠦ ᠬᠠᠮᠳᠦ ᠶᠢᠨ ᠳᠠᠭᠤᠤ ᠪᠠᠷ ᠬᠥᠰᠢᠭᠡ  ᠪᠠᠨ ᠰᠠᠬᠦᠵᠦ᠂ ᠤᠷᠳᠤ ᠶᠢᠨ ᠳᠠᠭᠤᠤ ︽ᠵᠢᠭᠠᠬᠠᠨ ᠰᠢᠷᠭ᠎ᠠ︾  ᠂ ᠨᠠᠶᠢᠷᠠᠯ ᠬᠥᠭᠵᠢᠮ  ︽ᠨᠤᠲᠤᠭ ᠤᠨ ᠪᠠᠷ᠎ᠠ︾᠂ ᠡᠮᠡᠭᠳᠠᠢ ᠶᠢᠨ ᠭᠤᠴᠤᠯᠠᠯ ᠲᠠᠭᠤᠤ ︽ᠰᠡᠤᠡᠬᠢᠯ ᠤᠨ ᠲᠠᠭᠤᠤ ᠪᠠᠨ ᠡᠵᠢ ᠳᠡᠭᠡᠨ ᠡᠷᠬᠦᠶ᠎ᠡ︾᠂ ᠡᠮᠡᠭᠳᠠᠢ ᠶᠢᠨ ᠨᠠᠶᠢᠷᠠᠯ ᠲᠠᠭᠤᠤ ︽ᠦᠵᠦᠮᠦᠴᠢᠨ ᠪᠦᠰᠡᠬᠦᠢ ᠶᠢᠨ ᠲᠠᠭᠤᠯᠠᠯ︾ ᠵᠡᠷᠭᠡ ᠲᠤᠭᠯᠠᠯᠳᠠ ᠨᠢ ᠠᠬᠤᠢ ᠲᠠᠯᠠᠪᠠᠢ ᠤᠨ ᠦᠵᠡᠭᠴᠢ ᠶᠢᠨ ᠬᠠᠯᠠᠭᠤᠨ ᠠᠯᠠᠭ᠎ᠠ ᠲᠠᠰᠢᠯᠳᠠ ᠶᠢ ᠲᠤᠰᠴᠤ᠂ ᠭᠤᠴᠣᠯᠠᠯ ᠳᠠᠭᠤᠤ ︽ᠮᠠᠤ ᠲᠡᠷᠢᠭᠦᠯᠡᠭᠴᠢ ᠪᠣᠯ ᠪᠢᠳᠡᠨ ᠤ ᠰᠡᠳᠬᠢᠯ ᠵᠢᠷᠤᠭᠡᠨ ᠤ ᠤᠯᠠᠭᠠᠨ ᠨᠠᠷᠠ︾᠂ ᠮᠣᠷᠢᠨ ᠬᠤᠭᠤᠷ ᠤᠨ ᠭᠤᠴᠣᠯᠠᠯ ︽ᠦᠵᠦᠮᠦᠴᠢᠨ ᠠᠷᠠᠳ ᠤᠨ ᠬᠥᠭᠵᠢᠮ︾᠂ ᠦᠵᠦᠮᠦᠴᠢᠨ ᠬᠤᠪᠴᠠᠰᠤ ᠵᠠᠰᠠᠯ ᠤᠨ ᠦᠵᠡᠬᠦᠯᠭᠡ᠂ ᠦᠡᠳᠦᠷ ᠨᠠᠰᠤᠳᠠᠨ ᠭᠠᠷᠮ᠎ᠠ ᠨᠠᠷ ᠤᠨ ︽ᠠᠮᠤᠷ ᠠᠮᠤᠭᠤᠯᠠᠩ ᠰᠠᠶᠢᠬᠠᠨ︾ ᠬᠠᠮᠳᠦ ᠶᠢᠨ ᠪᠦᠵᠢᠭ ᠬᠢᠬᠡᠤᠨ ᠵᠠᠭᠤᠨ ᠦᠰᠦᠭ ᠤᠨ ᠰᠢᠯᠥᠭ ︽ᠡᠩᠬᠡ ᠠᠮᠤᠭᠤᠯᠠᠩ ᠤᠨ ᠲᠦᠯᠬᠢᠬᠦᠷ︾ ᠨᠢ ᠤᠯᠠᠨ ᠤ ᠲᠠᠭᠠᠰᠢᠶᠠᠯ ᠳᠤ ᠬᠦᠷᠴᠦ᠂  ᠯᠢᠩᠪᠦ ᠶᠢᠨ ᠭᠤᠴᠤᠯᠠᠯ  ᠂ ᠬᠤᠯᠪᠤᠭ᠎ᠠ  ᠂  ᠬᠤᠤᠰᠯᠠᠯ ᠲᠠᠭᠤᠤ  ᠵᠡᠷᠭᠡ ᠲᠣᠭᠯᠠᠯᠲᠠ ᠨᠢ ︽ᠦᠨᠳᠦᠰᠦᠲᠡᠨ ᠤ ᠪᠦᠯᠬᠦᠮᠳᠡᠯ︾ ᠪᠠ ︽ᠨᠠᠮ ᠤᠨ ᠬᠠᠶᠢᠷ᠎ᠠ ᠬᠠᠯᠠᠮᠵᠢ︾ ᠶᠢ ᠪᠦᠬᠦ ᠲᠠᠯ᠎ᠠ ᠪᠠᠷ ᠬᠠᠷᠠᠭᠤᠯᠵᠤ  ᠂ ︽3·8︾  ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢᠶᠠᠨ ᠪᠠᠶᠠᠯᠢᠭ ᠠᠭᠤᠯᠭ᠎ᠠ ᠪᠠᠷ ᠤᠭᠳᠤᠨ  ᠂ ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠪᠦᠯᠢ ᠮᠡᠲᠦ ᠳᠣᠲᠣᠨᠣ ᠪᠠᠶᠢᠬᠤ ᠶᠢ ᠪᠡᠯᠭᠡᠳᠡᠭᠰᠡᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠨᠠᠰᠤᠲᠠᠶᠢᠴᠤᠳ ᠭᠤᠶᠢᠳᠠ ᠰᠠᠶᠢᠬᠠᠨ ᠲᠣᠭᠯᠠᠯᠲᠠ ᠪᠠᠷ ᠨᠠᠮ ᠪᠣᠯᠣᠨ ᠡᠬᠡ ᠤᠯᠤᠰ ᠲᠠᠭᠠᠨ ᠬᠢᠵᠠᠭᠠᠯᠠᠰᠢ ᠦᠭᠡᠢ ᠬᠠᠯᠠᠭᠤᠨ ᠬᠠᠶᠢᠷ᠎ᠠ ᠪᠣᠯᠣᠨ ᠰᠠᠶᠢᠨ ᠰᠠᠶᠢᠬᠠᠨ ᠬᠦᠰᠡᠯ ᠵᠥᠩᠨᠡᠯ ᠢᠶᠠᠨ ᠳᠡᠪᠰᠢᠭᠦᠯᠵᠦ᠂ ᠨᠠᠮ ᠳᠠᠭᠠᠨ ᠦᠨᠡᠨᠴᠢ᠂ ᠨᠠᠮ ᠢᠶᠠᠨ ᠲᠠᠭᠠᠵᠤ᠂ ᠨᠠᠮ ᠤᠨ ᠠᠴᠢ ᠶᠢ ᠬᠠᠷᠢᠭᠤᠯᠵᠤ  ᠂ ᠰᠠᠶᠢᠨ ᠰᠠᠶᠢᠬᠠᠨ ᠰᠤᠶᠤᠯ ᠤᠨ ᠠᠮᠢᠳᠤᠷᠠᠯ ᠤᠨ ᠤᠶᠤᠨ ᠰᠠᠨᠠᠭᠠᠨ ᠤ ᠬᠥᠭᠡᠭᠡᠴᠡᠯᠳᠦᠯ ᠢ ᠬᠠᠷᠠᠭᠤᠯᠵᠠᠢ᠃      ᠥᠩᠭᠡᠷᠡᠭᠰᠡᠨ ᠨᠢᠭᠡ ᠵᠢᠯ ᠳᠤ ᠠᠶᠠᠨ ᠰᠠᠶᠢᠨ ᠳᠤᠷᠠᠴᠤᠤᠯ ᠤᠨ ᠨᠡᠶᠢᠭᠡᠮᠯᠢᠭ ᠨᠢ ᠬᠤᠰᠢᠭᠤ ᠨᠠᠮ ᠤᠨ        ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠤᠨ ᠲᠣᠭᠤᠷᠢᠨ ᠳᠤ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ  ᠶᠢᠨ ᠳᠦᠷᠢᠮ ᠲᠤᠭᠳᠠᠭᠠᠯ ᠶᠣᠰᠣᠭᠠᠷ ᠡᠯ᠎ᠡ ᠳᠦᠷᠦᠯ ᠤᠨ ᠠᠵᠢᠯ ᠢᠶᠠᠨ ᠡᠷᠴᠢᠮᠲᠡᠢ ᠥᠷᠨᠢᠭᠦᠯᠵᠦ᠂ ᠰᠢᠨ᠎ᠡ ᠠᠮᠵᠢᠯᠲᠠ ᠶᠢ ᠡᠭᠦᠳᠦᠭᠰᠡᠨ ᠪᠠᠶᠢᠨ᠎ᠠ᠃ ᠲᠡᠷᠢᠭᠦᠨ ᠤ ᠬᠢ ᠶᠢ ᠵᠣᠷᠢᠭᠵᠢᠭᠤᠯᠬᠤ ᠲᠤᠯᠠᠳᠠ ᠠᠵᠢᠯᠯᠠᠭ᠎ᠠ ᠳᠤᠮᠳᠠ ᠪᠠᠰᠠ ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠨᠠᠮ ᠤᠨ ᠡᠭᠦᠷ ᠠᠴᠠ 2023 ᠣᠨ ᠤ ︽ᠰᠢᠯᠢᠳᠡᠭ ᠰᠠᠶᠢᠨ ᠳᠤᠷ᠎ᠠ ᠶᠢᠨ ᠠᠵᠢᠯᠯᠠᠭᠴᠢ︾᠂ ︽ᠰᠢᠯᠢᠳᠡᠭ ᠡᠪ ᠬᠠᠮᠲᠤ ᠨᠠᠮ ᠤᠨ ᠭᠡᠰᠢᠭᠦᠨ︾᠂ ︽ᠰᠢᠯᠢᠳᠡᠭ ᠬᠢᠨᠠᠭᠴᠢ︾᠂       ︽ᠰᠢᠯᠢᠳᠡᠭ ᠬᠠᠷᠢᠭᠤᠴᠠᠯᠭᠠᠲᠠᠨ︾᠂ ︽ᠰᠢᠯᠢᠳᠡᠭ ᠨᠠᠮ ᠤᠨ ᠠᠵᠢᠯ ᠤᠨ ᠠᠵᠢᠯᠲᠠᠳ︾᠂ ︿︿ᠤᠠᠴᠠ ᠤᠷᠢᠭᠰᠠᠨ ᠵᠢᠯᠤᠭᠤᠳᠤᠭᠴᠢ ᠪᠠᠭᠰᠢ﹀﹀ ᠵᠡᠷᠭᠡ ᠨᠢᠭᠡ ᠪᠦᠯᠦᠭ ᠲᠡᠷᠢᠭᠦᠨ ᠤ ᠬᠥᠮᠥᠰ ᠢ ᠱᠠᠩᠨᠠᠨ ᠬᠥᠬᠢᠬᠦᠯᠵᠦ᠂ ᠤᠯᠠᠨ ᠢᠶᠠᠷ ᠢᠶᠠᠨ ᠲᠡᠷᠢᠭᠦᠨ ᠤ ᠬᠥᠮᠥᠰ ᠢᠶᠠᠷ ᠳᠠᠭᠤᠷᠢᠶᠠᠯ ᠪᠣᠯᠭᠠᠨ᠂ ᠥᠪᠡᠷ ᠥᠪᠡᠷ ᠤᠨ ᠠᠵᠢᠯ ᠤᠨ ᠹᠷᠤᠨᠲ ᠳᠠᠭᠡᠷ᠎ᠡ ᠪᠠᠨ ᠰᠢᠯᠢᠳᠡᠭ ᠠᠮᠵᠢᠯᠲᠠ ᠣᠯᠬᠤ ᠶᠢ ᠤᠷᠢᠶᠠᠯᠠᠨ ᠲᠠᠶᠢᠴᠢᠯᠠᠬᠤ ᠶᠢᠨ ᠬᠠᠮᠳᠦ ᠬᠤᠰᠢᠭᠤ ︿︿ᠨᠢᠬᠦᠯᠡᠰᠦᠩᠬᠦᠢ ᠶᠢᠨ ᠶᠡᠷᠦᠩᠬᠡᠢ ᠡᠪᠯᠡᠯ﹀﹀ ᠳᠤ ᠬᠠᠨᠳᠢᠪ ᠡᠷᠬᠦᠭᠰᠡᠨ ᠪᠠᠶᠢᠨ᠎ᠠ  ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 280 ᠭᠠᠷᠤᠢ ᠬᠥᠮᠥᠨ ᠣᠷᠣᠯᠴᠠᠵᠠᠢ᠃ ᠡᠨᠡᠬᠦ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠡᠮᠡᠭᠲᠡᠶᠢᠴᠦᠳ ᠲᠤ ᠥᠪᠡᠷ ᠢ ᠪᠠᠨ ᠬᠥᠭᠵᠢᠬᠦᠯᠬᠦ᠂ ᠪᠡᠶ᠎ᠡ ᠰᠡᠳᠬᠢᠯ ᠢᠶᠠᠨ ᠡᠷᠡᠬᠦᠯᠵᠢᠬᠦᠯᠬᠦ᠂ ᠬᠠᠷᠢᠯᠴᠠᠨ  ᠤᠶᠢᠯᠠᠭᠠᠯᠴᠠᠵᠤ᠂ ᠬᠠᠷᠢᠯᠴᠠᠨ ᠬᠠᠪᠰᠤᠷᠤᠯᠴᠠᠬᠤ ᠲᠠᠪᠴᠠᠩ ᠪᠠᠶᠢᠭᠤᠯᠤᠨ ᠥᠭᠴᠦ᠂ ᠡᠷᠡᠭᠦᠯ ᠰᠠᠷᠠᠭᠤᠯ ᠠᠮᠢᠳᠤᠷᠠᠯ ᠤᠨ ᠣᠪᠣᠷ ᠰᠤᠷᠳᠠᠯ ᠢ ᠰᠠᠨᠠᠭᠠᠴᠢᠯᠠᠨ᠂ ᠲᠡᠳᠡᠨ ᠤ ᠭᠠᠪᠢᠶ᠎ᠠ ᠵᠢᠤᠡᠬᠦᠯ ᠢᠶᠠᠨ ᠦᠷᠭᠦᠯᠵᠢᠯᠡᠨ ᠪᠠᠳᠠᠷᠠᠭᠤᠯᠵᠤ᠂  ᠢᠷᠡᠬᠦ ᠮᠠᠷᠭᠠᠰᠢ ᠶᠢᠨ ︽ᠭᠡᠷᠡᠯᠳᠦ ᠨᠠᠷᠠ︾ ᠶᠢ ᠬᠠᠮᠲᠤ ᠪᠠᠷ ᠵᠢᠷᠤᠭᠯᠠᠬᠤ ᠶᠢ  ᠵᠤᠷᠢᠭᠵᠢᠭᠤᠯᠤᠭᠰᠠᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号