︿︿3·8﹀﹀ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠭᠤᠣᠯ ᠰᠡᠳᠦᠪᠲᠦ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2024/3/20
      ︿︿3·8﹀﹀ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠨᠠᠰᠤᠲᠠᠨ  ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ 3 ᠰᠠᠷ᠎ᠠ ᠶᠢᠨ 6 ᠤ ᠦᠳᠡ ᠶᠢᠨ ᠡᠮᠦᠨ᠎ᠡ᠂ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠠᠶᠠᠨ ᠨᠠᠰᠤᠵᠢᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ︿︿ᠠ ᠡ ᠢ﹀﹀ ᠨᠡᠶᠢᠲᠡ ᠶᠢᠨ ᠠᠰᠠᠷᠠᠮᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠲᠤᠷᠠᠴᠤᠳ ᠤᠨ ᠨᠡᠶᠢᠭᠡᠮᠯᠢᠭ ᠲᠠᠢ ᠬᠠᠮᠲᠤᠷᠠᠨ ︿︿3·8﹀﹀ ᠤ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ  ᠃      ᠠᠵᠢᠯᠯᠠᠭ᠎ᠠ ᠶᠢᠨ ᠠᠬᠤᠢ ᠲᠠᠯᠠᠪᠠᠢ ᠳᠤ ᠪᠠᠶᠠᠷ ᠬᠦᠷ ᠢᠶᠠᠷ ᠪᠢᠯᠬᠠᠵᠤ᠂ ᠲᠣᠭᠯᠠᠯᠲᠠ ᠭᠠᠷᠭᠠᠵᠤ ᠪᠠᠶᠢᠭ᠎ᠠ ᠨᠠᠰᠤᠲᠠᠶᠢᠴᠤᠳ ᠴᠤᠭ ᠵᠢᠪᠬᠤᠭ᠎ᠠ ᠪᠠᠳᠠᠷᠠᠵᠤ᠂ ᠲᠤᠭᠯᠠᠯᠲᠠ ᠰᠣᠨᠢᠷᠬᠠᠵᠤ ᠪᠠᠶᠢᠭ᠎ᠠ ᠨᠠᠰᠤᠲᠠᠶᠢᠴᠤᠳ ᠤᠨ ᠴᠢᠷᠠᠢ‌‍ᠳᠤ ᠵᠣᠯ ᠵᠢᠷᠭᠠᠯᠲᠤ ᠢᠨᠢᠶᠡᠮᠰᠦᠭᠯᠡᠯ ᠲᠣᠳᠣᠷᠠᠨ᠎ᠠ᠃ ᠠᠵᠢᠯᠲᠠᠳ ᠠᠴᠠ ᠨᠠᠰᠤᠲᠠᠶᠢᠴᠤᠳ ᠳᠤ ᠪᠣᠭᠤᠷᠰᠤᠭ ᠪᠣᠯᠤᠨ ᠳᠤᠷᠠᠰᠬᠠᠯ ᠤᠨ ᠪᠤᠳᠠᠰ ᠪᠡᠯᠡᠳᠬᠡᠵᠦ᠂ ᠨᠠᠰᠤᠲᠠᠶᠢᠴᠤᠳ ᠲᠤ ᠨᠡᠶᠢᠭᠡᠮ ᠤᠨ ᠶᠡᠭᠡ ᠭᠡᠷ ᠪᠦᠯᠢ ᠶᠢᠨ ᠬᠠᠯᠠᠭᠤᠨ ᠳᠤᠯᠠᠭᠠᠨ ᠢ ᠮᠡᠳᠡᠷᠡᠭᠦᠯᠦᠭᠰᠡᠨ ᠪᠠᠶᠢᠨ᠎ᠠ  ᠃      ᠠᠵᠢᠯᠯᠠᠭ᠎ᠠ ᠳᠤ ᠪᠠᠰᠠ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠡᠷᠭᠢᠯᠡᠵᠦ᠂ ᠰᠡᠳᠬᠢᠴᠡ ᠶᠢᠨ ᠡᠷᠡᠭᠦᠯ ᠮᠡᠨᠳᠦ᠂ ᠪᠡᠶ᠎ᠡ ᠮᠠᠬᠠᠪᠣᠳ ᠤᠨ ᠡᠷᠡᠭᠦᠯ ᠮᠡᠨᠳᠦ᠂ ᠡᠷᠡᠭᠦᠯ ᠪᠤᠰᠤ ᠤᠷᠮ᠎ᠠ ᠰᠡᠳᠬᠢᠯᠭᠡ ᠶᠢᠨ ᠪᠡᠶ᠎ᠡ ᠮᠠᠬᠠᠪᠣᠳ ᠲᠤ ᠦᠵᠡᠭᠦᠯᠬᠦ ᠨᠥᠯᠥᠭᠡ ᠵᠢᠴᠢ ᠡᠷᠡᠭᠦᠯ ᠪᠤᠰᠤ ᠤᠷᠮ᠎ᠠ ᠰᠡᠳᠬᠢᠯᠭᠡ ᠶᠢ ᠬᠡᠷᠬᠢᠨ ᠵᠠᠯᠠᠵᠤ ᠵᠢᠯᠣᠭᠤᠳᠬᠤ ᠵᠡᠷᠭᠡ ᠲᠠᠯ᠎ᠠ ᠪᠠᠷ ᠨᠠᠰᠤᠲᠠᠶᠢᠴᠤᠳ ᠤᠨ ᠰᠡᠳᠬᠢᠴᠡ ᠶᠢᠨ ᠠᠰᠠᠭᠤᠳᠠᠯ ᠤᠨ ᠰᠢᠯᠲᠠᠭᠠᠨ ᠢ ᠭᠦᠨᠵᠡᠭᠡᠶ ᠪᠥᠭᠡᠳ ᠣᠶᠢᠯᠠᠭᠠᠮᠵᠢᠲᠠᠶ ᠵᠠᠳᠠᠯᠤᠨ ᠰᠢᠨᠵᠢᠯᠡᠵᠦ᠂ ᠪᠣᠳᠠᠲᠤ ᠪᠠᠶᠢᠳᠠᠯ ᠲᠠᠢ ᠤᠶᠠᠯᠳᠤᠭᠤᠯᠤᠨ ᠨᠠᠰᠤᠲᠠᠶᠢᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠪᠠᠨ ᠬᠡᠷᠬᠢᠨ ᠪᠠᠲᠤᠯᠠᠬᠤ᠂ ᠶᠠᠭᠠᠬᠢᠪᠠᠯ ᠰᠠᠶ᠋ᠢ ᠪᠠᠶᠠᠷ ᠬᠥᠷ  ᠲᠠᠢ ᠣᠷᠳᠣ ᠨᠠᠰᠤᠯᠠᠵᠤ ᠴᠢᠳᠠᠬᠤ ᠲᠤᠬᠠᠶ ᠲᠥᠬᠦᠮ ᠣᠶᠢᠯᠠᠭᠠᠮᠵᠢᠲᠠᠶ ᠲᠠᠶᠢᠯᠪᠤᠷᠢᠯᠠᠯᠲᠠ ᠬᠢᠭᠰᠡᠨ ᠪᠠᠶᠢᠨ᠎ᠠ᠃ ᠠᠵᠢᠯᠯᠠᠭᠠᠨ ᠳᠤ ᠪᠠᠰᠠ ᠱᠠᠭ᠎ᠠ ᠲᠣᠭᠯᠠᠭᠠᠮ ᠳᠣᠬᠢᠷᠠᠭᠤᠯᠵᠤ ᠪᠦᠬᠦᠶᠢᠯᠡ ᠠᠵᠢᠯᠯᠠᠭᠠᠨ ᠤ ᠠᠭᠤᠷ ᠠᠮᠢᠰᠬᠤᠯ ᠢ ᠣᠷᠭᠢᠯ ᠳᠤᠨᠢ ᠬᠦᠷᠭᠡᠵᠡᠶ  ᠃    ※ ᠰᠣᠷᠪᠤᠯᠵᠢᠯᠠᠭ᠎ᠠ᠄   ᠯᠤᠤᠮ᠎ᠠ ᠨᠠᠰᠣᠲᠠᠨ        ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠡᠮᠵᠢᠨ᠂ ᠨᠠᠰᠤᠲᠠᠶᠢᠴᠤᠳ ᠢ ᠪᠠᠶᠠᠷ ᠬᠥᠷ ᠲᠠᠢ ᠪᠥᠭᠡᠳ ᠤᠳᠬ᠎ᠠ ᠠᠭᠤᠯᠭ᠎ᠠ ᠲᠠᠢ ᠪᠠᠶᠠᠷ ᠤᠨ ᠡᠳᠦᠷ ᠢ ᠨᠢ ᠦᠩᠭᠡᠷᠡᠭᠦᠯᠦᠭᠰᠡᠨ ᠪᠠᠷ ᠪᠠᠷᠠᠬᠤ ᠥᠬᠡᠶ ᠪᠠᠰᠠ ᠨᠠᠰᠤᠲᠠᠶᠢᠴᠤᠳ ᠤᠨ ᠬᠤᠭᠤᠷᠣᠨᠳᠣᠬᠢ ᠬᠠᠷᠢᠯᠴᠠᠭ᠎ᠠ ᠰᠣᠯᠢᠯᠴᠠᠭ᠎ᠠ ᠶᠢ ᠠᠬᠢᠭᠤᠯᠵᠤ᠂ ᠬᠠᠯᠠᠭᠤᠨ ᠳᠤᠯᠠᠭᠠᠨ ᠡᠶ᠎ᠡ ᠵᠣᠬᠢᠴᠠᠯ ᠲᠠᠢ ᠨᠠᠰᠤᠵᠢᠯ ᠤᠨ ᠠᠰᠠᠷᠠᠮᠵᠢ ᠶᠢᠨ ᠣᠷᠴᠢᠨ ᠨᠥᠬᠦᠴᠡᠯ ᠢ ᠪᠣᠶ  ᠪᠣᠯᠭᠠᠭᠰᠠᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号