ᠮᠠᠨ ᠤ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳᠦᠪᠲᠦ ᠵᠢᠱᠢᠶ᠎ᠡ ᠦᠵᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/3/22
      ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠎ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠶᠯ ᠤᠨ ᠠᠵᠢᠯ ᠤᠨ ᠭᠤᠤᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 7᠎ ᠤ ᠡᠳᠦᠷ᠂ ᠮᠠᠨ ᠤ ᠬᠤᠰᠢᠭᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠶ ᠰᠡᠳᠦᠪᠲᠦ ᠵᠢᠱᠢᠶ᠎ᠡ ᠦᠵᠡᠭᠦᠯᠬᠦ ᠪᠣᠯᠪᠠᠰᠤᠷᠠᠯ ᠤᠨ ᠠᠩᠭᠢ ᠡᠷᠭᠢᠯᠡᠪᠡ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠦ ᠸᠧ ᠮᠢᠨ ᠬᠤᠷᠠᠯ ᠳᠤ  ᠤᠷᠤᠯᠴᠠᠵᠠᠢ᠃      ᠲᠣᠰ ᠤᠳᠠᠭᠠᠨ ᠤ ᠪᠣᠯᠪᠠᠰᠤᠷᠠᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠦᠨᠳᠦᠰᠦᠲᠡᠨ ᠤ ᠣᠨᠣᠯ ᠬᠢᠭᠡᠳ ᠰᠣᠶᠣᠯ ᠵᠢᠭᠠᠨ ᠰᠤᠳᠤᠯᠬᠤ ᠬᠡᠯᠲᠡᠰ ᠤᠨ ᠡᠷᠬᠢᠯᠡᠭᠴᠢ᠂ ᠫᠷᠤᠹᠧᠰᠰᠤᠷ ᠡᠷᠳᠡᠨᠢᠪᠠᠶᠠᠷ ᠢ ᠤᠷᠢᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠤᠶ᠎ᠠ︾ ᠭᠡᠬᠦ ᠭᠤᠤᠯ ᠰᠡᠳᠦᠪ ᠢᠶᠠᠷ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠬᠢᠵᠦ᠂ ︽ᠵᠢᠷᠭᠤᠭᠠᠨ ᠥᠭᠦᠯᠡᠪᠦᠷᠢ︾᠎ ᠶᠢᠨ ᠪᠣᠳᠠᠲᠤ ᠬᠡᠷᠡᠭ ᠪᠠ ᠶᠣᠰᠣ ᠲᠠᠢ ᠤᠶᠠᠯᠳᠤᠭᠤᠯᠤᠨ ᠲᠤᠰ ᠲᠤᠰ ᠨᠠᠮ ᠤᠨ ᠦᠨᠳᠦᠰᠦᠲᠡᠨ ᠤ ᠣᠨᠣᠯ ᠪᠠ ᠲᠦᠷᠦ ᠶᠢᠨ ᠪᠣᠳᠤᠯᠭ᠎ᠠ ᠶᠢ ᠪᠦᠬᠦ ᠲᠠᠯ᠎ᠠ ᠎ ᠪᠠᠷ ᠣᠨᠣᠪᠴᠢᠲᠠᠢ ᠲᠠᠨᠢᠵᠤ ᠡᠵᠡᠮᠰᠢᠬᠦ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠣᠨᠣᠪᠴᠢᠲᠠᠶ ᠲᠠᠨᠢᠵᠤ ᠡᠵᠡᠮᠰᠢᠬᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠭᠤᠷᠪᠠᠨ ᠲᠠᠯ᠎ᠠ ᠪᠠᠷ ᠭᠦᠨᠵᠡᠭᠡᠶ ᠪᠥᠭᠡᠳ ᠣᠶᠢᠯᠠᠭᠠᠮᠵᠢᠲᠠᠶ᠂ ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠪᠤᠷᠢᠯᠠᠵᠤ᠂ ᠪᠦᠬᠦ ᠲᠠᠶᠢᠯᠪᠤᠷᠢᠯᠠᠯᠲᠠ ᠨᠢ ᠭᠤᠣᠯᠳᠠᠯᠭ᠎ᠠ ᠶᠢ ᠳᠤᠪᠤᠶᠢᠯᠭᠠᠨ᠂ ᠠᠭᠤᠯᠤᠭᠳᠠᠬᠤᠨ ᠡᠯᠪᠡᠭ ᠪᠠᠶᠠᠯᠢᠭ ᠪᠠᠶᠢᠵᠤ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠶ ᠴᠢᠬᠤᠯᠠ ᠥᠭᠦᠯᠡᠯᠲᠡ ᠶᠢ ᠵᠥᠪ ᠣᠶᠢᠯᠠᠭᠠᠵᠤ ᠡᠵᠡᠮᠰᠢᠨ᠂ ᠮᠠᠰᠢ ᠴᠢᠩᠭ᠎ᠠ ᠦᠵᠡᠯ ᠰᠠᠨᠠᠭᠠᠴᠢ ᠴᠢᠨᠠᠷ᠂ ᠵᠢᠯᠣᠭᠤᠳᠬᠤ ᠴᠢᠨᠠᠷ᠂ ᠬᠠᠨᠳᠤᠯᠭᠠᠲᠤ ᠴᠢᠨᠠᠷ ᠲᠠᠢ ᠪᠠᠶᠢᠵᠤ᠂ ᠮᠠᠨ ᠤ ᠬᠤᠰᠢᠭᠤᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢ ᠨᠠᠶᠢᠳᠠᠪᠤᠷᠢᠵᠢᠭᠤᠯᠬᠤ ᠨᠢᠭᠡ ᠤᠳᠠᠭᠠᠨ ᠤ ᠨᠠᠷᠢᠯᠢᠭ ᠣᠨᠣᠪᠴᠢᠲᠠᠶ ᠪᠥᠭᠡᠳ ᠬᠦᠴᠦᠲᠡᠶ ᠬᠠᠪᠰᠤᠷᠤᠨ ᠵᠢᠯᠣᠭᠤᠳᠣᠯᠭ᠎ᠠ ᠪᠤᠯᠵᠠᠢ  ᠃      ᠪᠣᠯᠪᠠᠰᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠬᠤᠶᠢᠰᠢᠳᠠ ᠶᠢᠨ ᠠᠵᠢᠯ ᠤᠨ ᠳᠤᠮᠳᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠢᠨᠵᠢᠯᠡᠬᠦ ᠤᠬᠠᠭᠠᠨᠴᠢ ᠠᠭᠤᠯᠤᠭᠳᠠᠬᠤᠨ ᠤ ᠲᠠᠨᠢᠯᠲᠠ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠶᠢᠨ ᠬᠠᠮᠲᠤ᠂ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠰᠣᠷᠣᠭᠰᠠᠨ ᠮᠡᠳᠡᠯᠭᠡ ᠪᠠ ᠣᠶᠢᠯᠠᠭᠠᠭᠳᠠᠬᠤᠨ ᠢᠶᠠᠨ ᠪᠣᠳᠠᠲᠠᠶ ᠠᠵᠢᠯᠯᠠᠭ᠎ᠠ ᠪᠣᠯᠭᠠᠨ ᠬᠤᠪᠢᠷᠠᠭᠤᠯᠵᠤ᠂ ᠠᠵᠢᠯ ᠤᠨ ᠳᠤᠮᠳᠠ ᠪᠠᠨ ᠢᠳᠡᠪᠬᠢᠲᠡᠶ ᠠᠵᠢᠯᠯᠠᠵᠤ᠂ ᠵᠣᠷᠢᠭᠲᠠᠶ ᠎ ᠪᠠᠷ ᠬᠠᠷᠢᠭᠤᠴᠠᠯᠭ᠎ᠠ ᠡᠭᠦᠷᠭᠡᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠦᠶᠯᠡᠳᠦᠯᠭᠡᠵᠢᠭᠦᠯᠵᠦ᠂ ᠵᠡᠭᠦᠨ ᠦᠵᠦᠮᠦᠴᠢᠨ ᠬᠤᠰᠢᠭᠤᠨ ᠤ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ ᠭᠡᠵᠡᠢ᠃      ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠡᠶᠢᠲᠡ 260 ᠭᠠᠷᠤᠶ  ᠺᠠᠳ᠋ᠷ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号