ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠎ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠶ ᠶᠢᠩ ᠵᠢᠶᠦ᠋ᠨ ᠨᠡᠷ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠵᠦ ᠠᠵᠢᠯ  ᠵᠢᠯᠤᠭᠤᠳᠪᠠ
ᠨᠡᠶᠢᠲᠡᠯᠡᠭᠰᠡᠨ ᠴᠠᠭ᠄
2024/3/22
      3 ᠰᠠᠷ᠎ᠠ ᠶᠢᠨ 6᠎ ᠠᠴᠠ 7᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠎ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠠᠶ ᠶᠢᠩ ᠵᠢᠶᠦ᠋ᠨ ᠨᠡᠷ ᠮᠠᠨ ᠤ ᠬᠤᠰᠢᠭᠤᠨ ᠳᠤ ᠭᠦᠨᠵᠡᠭᠡᠶᠢᠷᠡᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃      ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠡᠦ ᠴᠢᠩ ᠬᠤᠸᠠ᠂ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠠᠯᠮᠠᠰ᠂  ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂  ᠬᠤᠰᠢᠭᠤ ᠳᠠᠷᠤᠭ᠎ᠠ ᠵᠧᠦ ᠢᠦᠢ ᠯᠦᠩ᠂ ᠳᠡᠳ᠋ ᠬᠤᠰᠢᠭᠤ ᠳᠠᠷᠤᠭ᠎ᠠ ᠶᠣᠣ ᠬᠠᠶ ᠰᠢᠶᠠ ᠬᠠᠮᠲᠤ ᠪᠠᠶᠢᠴᠠᠭᠠᠨ ᠰᠤᠳᠤᠯᠤᠯᠲᠠ ᠬᠢᠪᠡ  ᠃      ᠵᠠᠶ ᠶᠢᠩ ᠵᠢᠶᠦ᠋ᠨ ᠨᠡᠷ ᠤᠷᠢᠳ ᠬᠤᠵᠢᠳ ᠬᠤᠰᠢᠭᠤ ᠵᠥᠷᠢᠴᠡᠯ ᠵᠢᠭᠤᠷᠠᠭᠠᠨ ᠢ ᠣᠯᠠᠨ ᠡᠰᠢᠴᠢᠯᠡᠨ ᠰᠢᠶᠳᠪᠦᠷᠢᠯᠡᠬᠦ ᠲᠥᠪ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ᠂ ᠤᠯᠢᠶᠠᠰᠤᠲᠠᠢ ᠪᠠᠯᠭᠠᠰᠤᠨ ᠤ ᠡᠩᠬᠡᠵᠢᠷᠭᠠᠯᠠᠩ ᠭᠠᠴᠠᠭ᠎ᠠ᠂ ᠵᠡᠭᠦᠨ ᠬᠠᠲᠠᠪᠴᠢ ᠪᠣᠭᠤᠮᠲᠠ᠂ ᠬᠠᠳᠠᠪᠴᠢ ᠪᠠᠯᠭᠠᠰᠤᠨ ᠤ ᠨᠠᠮ ᠤᠨ ᠭᠡᠰᠢᠭᠦᠨ ᠪᠠ ᠣᠯᠠᠨ ᠲᠦᠮᠡᠨ‌‍ᠳᠤ ᠦᠢᠯᠡᠴᠢᠯᠡᠬᠦ ᠲᠥᠪ‌‍ᠲ᠋ᠦ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠬᠢᠯᠢ ᠶᠢᠨ ᠮᠠᠯᠵᠢᠬᠤ ᠡᠷᠦᠬᠡ ᠳᠤ ᠭᠦᠨᠵᠡᠭᠡᠶᠢᠷᠡᠨ᠂ ᠬᠢᠯᠢ ᠬᠢᠵᠠᠭᠠᠷ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ᠂ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠨᠥᠬᠦᠪᠥᠷᠢ ᠬᠤᠲᠠ ᠬᠥᠳᠡᠭᠡ ᠶᠢᠨ ᠰᠠᠭᠤᠭᠠᠯᠢ‌ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ᠂ ᠮᠠᠯᠴᠢᠳ ᠤᠨ ᠠᠵᠢᠯ ᠣᠯᠵᠤ ᠦᠶᠯᠡᠰ ᠴᠣᠭᠴᠠᠯᠠᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ  ᠃      ᠵᠠᠶ ᠶᠢᠩ ᠵᠢᠶᠦ᠋ᠨ ᠴᠢᠬᠤᠯᠠᠴᠢᠯᠠᠬᠤ ᠳᠠᠭᠠᠨ᠂ ᠬᠢᠯᠢ ᠬᠢᠵᠠᠭᠠᠷ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠎ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠣᠷᠣᠨ ᠤ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠬᠢᠯᠢ ᠬᠢᠵᠠᠭᠠᠷ ᠣᠷᠣᠨ ᠤ ᠠᠵᠢᠯ ᠣᠯᠵᠤ ᠦᠶᠯᠡᠰ ᠴᠣᠭᠴᠠᠯᠠᠬᠤ᠂ ᠨᠡᠶᠢᠭᠡᠮ ᠤᠨ ᠪᠠᠲᠤᠯᠠᠭ᠎ᠠ᠂ ᠠᠵᠢᠯᠲᠠᠨ ᠤ ᠶᠠᠪᠤᠳᠠᠯ ᠪᠠ ᠴᠢᠳᠠᠪᠤᠷᠢᠲᠠᠨ ᠵᠡᠷᠭᠡ ᠶᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠥᠮᠦᠨ‌‍ᠦ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠵᠢ‌ᠠᠬᠢᠭᠤᠯᠬᠤ ᠬᠡᠷᠡᠭᠲᠡᠶ᠃ ᠠᠵᠢᠯ ᠣᠯᠭᠤᠯᠲᠠ ᠦᠢᠯᠡᠰ ᠪᠣᠰᠬᠠᠯᠲᠠ ᠶᠢᠨ ᠠᠵᠢᠯ ᠢ ᠦᠨᠡᠨ ᠬᠦ ᠴᠢᠩᠭ᠎ᠠ ᠪᠣᠳᠠᠲᠠᠢ ᠰᠠᠶᠢᠲᠤᠷ ᠠᠳᠬᠤᠵᠤ᠂ ︽ᠠᠵᠢᠯ ᠣᠯᠭᠤᠯᠲᠠ ᠎ ᠶᠢ ᠲᠣᠭᠲᠠᠪᠤᠷᠢᠵᠢᠭᠤᠯᠬᠤ︾᠂ ︽ᠠᠷᠠᠳ ᠤᠨ ᠠᠮᠢᠳᠤᠷᠠᠯ ᠢ ᠪᠠᠲᠤᠯᠠᠬᠤ︾ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠦᠲᠦᠮᠵᠢᠲᠡᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠥᠮᠦᠰ ᠤᠨ ᠠᠵᠢᠯ ᠣᠯᠭᠤᠯᠲᠠ ᠶᠢ ᠦᠷᠭᠦᠯᠵᠢᠯᠡᠨ ᠠᠬᠢᠭᠤᠯᠵᠤ᠂ ᠬᠢᠯᠢ ᠬᠢᠵᠠᠭᠠᠷ ᠣᠷᠣᠨ ᠤ ᠮᠠᠯᠴᠢᠨ ᠵᠠᠯᠠᠭᠤᠴᠤᠳ ᠤᠨ ᠠᠵᠢᠯ ᠣᠯᠵᠤ ᠦᠢᠯᠡᠰ ᠪᠣᠰᠬᠠᠬᠤ ᠶᠢ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠎ ᠶᠢ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠶᠯᠡᠴᠢᠯᠡᠭᠡ ᠳᠤ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠶ ᠪᠣᠳᠣᠯᠬᠢᠯᠠᠨ ᠰᠤᠳᠤᠯᠵᠤ᠂ ᠪᠦᠲᠦᠮᠵᠢᠲᠡᠶ ᠠᠷᠭ᠎ᠠ ᠬᠡᠮᠵᠢᠶ᠎ᠡ ᠲᠣᠭᠲᠠᠭᠠᠵᠤ᠂ ᠦᠨᠳᠦᠰᠦᠨ ᠱᠠᠲᠤᠨ ᠤ ᠦᠶᠯᠡᠴᠢᠯᠡᠭᠡᠨ ᠤ ᠲᠣᠤᠷ ᠴᠡᠭ ᠤᠨ ᠪᠠᠶᠢᠭᠤᠯᠤᠯᠲᠠ ᠶᠢ ᠴᠢᠩᠭᠠᠳᠬᠠᠨ᠂ ᠲᠤᠭ᠎ᠠ ᠪᠠᠷᠢᠮᠲᠠ ᠶᠢ ᠴᠤᠭᠯᠠᠭᠤᠯᠬᠤ ᠶᠢ ᠰᠠᠶᠢᠲᠤᠷ ᠠᠳᠬᠤᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠣᠯᠠᠨ ᠨᠡᠶᠢᠲᠡ ᠶᠢᠨ ᠦᠶᠯᠡᠴᠢᠯᠡᠭᠡᠨ ᠤ ᠰᠠᠭᠤᠷᠢ ᠶᠢ ᠪᠠᠬᠢᠵᠢᠭᠦᠯᠦᠨ᠂ ᠬᠢᠯᠢ ᠬᠢᠵᠠᠭᠠᠷ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠎ ᠶᠢᠨ ᠦᠶᠯᠡᠴᠢᠯᠡᠭᠡᠨ ᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠨᠡᠶᠢᠭᠡᠮ ᠤᠨ ᠳᠠᠭᠠᠳᠬᠠᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠥᠬᠦ ᠠᠷᠠᠳ ᠢᠶᠠᠷ ᠢᠶᠠᠨ ᠳᠠᠭᠠᠳᠬᠠᠯ ᠎ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠦᠨ᠂ ᠣᠯᠠᠨ ᠠᠷᠭ᠎ᠠ ᠵᠠᠮ ᠢᠶᠠᠷ ᠤᠬᠠᠭᠤᠯᠵᠤ ᠬᠥᠲᠥᠯᠦᠨ ᠵᠢᠯᠣᠭᠤᠳᠬᠤ ᠠᠵᠢᠯ ᠢ ᠰᠠᠶᠢᠲᠤᠷ ᠬᠢᠬᠦ ᠶᠢᠨ ᠬᠠᠮᠲᠤ ᠬᠠᠮᠲᠤ ᠶᠢᠨ ᠠᠵᠤ ᠠᠬᠤᠶ ᠶᠢᠨ ᠳᠠᠯᠳᠠ ᠬᠦᠴᠦᠨ ᠢ ᠠᠭᠤᠳᠠᠯᠵᠤ᠂ ︽ᠬᠤᠪᠢ ᠬᠥᠮᠦᠨ ᠰᠦᠶᠳᠬᠡᠯ ᠲᠤᠰᠢᠶᠠᠬᠤ᠂ ᠬᠠᠮᠲᠤ ᠨᠡᠶᠢᠲᠡ ᠠᠴᠠ ᠨᠥᠬᠦᠪᠥᠷᠢ ᠥᠭᠬᠦ᠂ ᠵᠠᠰᠠᠭ ᠤᠨ ᠣᠷᠳᠣᠨ ᠠᠴᠠ ᠨᠥᠬᠦᠪᠥᠷᠢ ᠥᠭᠬᠦ︾᠎ ᠪᠠᠷ ᠪᠠᠯᠠ ᠴᠤᠭᠯᠠᠭᠤᠯᠬᠤ ᠠᠷᠭ᠎ᠠ ᠵᠠᠮ ᠪᠣᠯᠭᠠᠭᠰᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠲᠦᠷᠢᠮ ᠎ ᠤᠨ ᠲᠤᠷᠰᠢᠯᠲᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠵᠤ᠂ ᠬᠢᠯᠢ ᠬᠢᠵᠠᠭᠠᠷ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠣᠯᠭᠤᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ᠭᠡᠵᠡᠢ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号