ᠮᠠᠨ ᠤ ᠬᠤᠰᠢᠭᠤ ᠠᠶᠢᠮᠠᠭ ᠤᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠳᠥᠷᠪᠡᠳᠦᠭᠡᠷ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠳᠤ ᠬᠠᠷᠢᠭᠤ ᠮᠡᠳᠡᠭᠦᠯᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/22
      3 ᠰᠠᠷ᠎ᠠ ᠶᠢᠨ 6 ᠤ ᠡᠳᠦᠷ᠂ ᠮᠠᠨ ᠤ ᠬᠤᠰᠢᠭᠤ ᠠᠶᠢᠮᠠᠭ ᠤᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠳᠥᠷᠪᠡᠳᠦᠭᠡᠷ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠳᠤ ᠬᠠᠷᠢᠭᠤ ᠮᠡᠳᠡᠭᠦᠯᠬᠦ ᠬᠤᠷᠠᠯ ᠬᠤᠷᠠᠯᠳᠤᠭᠤᠯᠪᠠ᠃      ᠠᠶᠢᠮᠠᠭ ᠤᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠳᠥᠷᠪᠡᠳᠦᠭᠡᠷ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠤᠨ ᠳᠠᠷᠤᠭ᠎ᠠ᠂ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ  ᠤᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠰᠦ᠋ ᠪᠤᠤ ᠢᠦᠢ ᠪᠣᠯᠣᠨ ᠬᠤᠰᠢᠭᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠡᠷᠬᠢᠯᠡᠭᠴᠢ᠂ ᠳᠡᠳ᠋ ᠡᠷᠬᠢᠯᠡᠭᠴᠢ᠂ ᠡᠯ᠎ᠡ ᠳᠤᠭᠤᠶᠢᠯᠠᠩ ᠤᠨ ᠳᠠᠷᠤᠭ᠎ᠠ᠂ ᠡᠯ᠎ᠡ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠤᠨ ᠳᠠᠷᠤᠭ᠎ᠠ᠂ ᠡᠯ᠎ᠡ ᠰᠤᠮᠤ ᠪᠠᠯᠭᠠᠰᠤ ᠪᠣᠯᠤᠨ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃      ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠰᠢᠭᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂ ᠠᠯᠪᠠᠨ ᠬᠡᠷ ᠤᠨ ᠡᠷᠬᠢᠯᠡᠭᠴᠢ ᠵᠧᠦ ᠸᠧ ᠮᠢᠨ ᠪᠥᠬᠦ ᠬᠤᠰᠢᠭᠤᠨ ᠤ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ᠃      ᠰᠦ᠋ ᠪᠤᠤ ᠢᠦᠢ ᠤᠶᠢᠷ᠎ᠠ ᠶᠢᠨ ᠬᠤᠭᠤᠴᠠᠭᠠᠨ ᠤ ᠠᠶᠢᠮᠠᠭ ᠤᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠪᠠ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠤᠯᠠᠮᠵᠢᠯᠠᠭᠰᠠᠨ ᠤ ᠬᠠᠮᠲᠤ ᠮᠠᠨ ᠤ ᠬᠤᠰᠢᠭᠤᠨ ᠤ        ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠳᠤ ᠵᠢᠯᠣᠭᠤᠳᠬᠤ ᠰᠠᠨᠠᠯ ᠪᠠ ᠪᠣᠳᠠᠲᠠᠶ ᠱᠠᠭᠠᠷᠳᠠᠯᠭ᠎ᠠ ᠳᠤᠷᠠᠳᠪᠠ᠃      ᠬᠤᠷᠠᠯ ᠠᠴᠠ ᠴᠢᠬᠤᠯᠠᠴᠢᠯᠠᠬᠤ ᠳᠠᠭᠠᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠯᠠᠨ ᠲᠦᠮᠡᠨᠴᠢ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠬᠢᠬᠦ ᠤᠯᠤᠰ ᠲᠥᠷᠥ ᠶᠢᠨ ᠤᠬᠠᠮᠰᠠᠷ ᠦᠵᠡᠯ ᠰᠠᠨᠠᠭᠠᠨ ᠤ ᠤᠬᠠᠮᠰᠠᠷ ᠦᠶᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠣᠯᠠᠨ ᠲᠦᠮᠡᠨᠴᠢ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠶᠢᠨ ᠨᠠᠩ ᠶᠡᠭᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃  ︽ᠵᠢᠷᠭᠤᠭᠠᠨ ᠵᠦᠶᠯ ᠤᠨ ᠠᠴᠢᠶᠠᠯᠠᠪᠤᠷᠢ︾᠂  ︽ᠳᠥᠷᠪᠡᠨ ᠰᠤᠷᠭᠠᠨ ᠬᠥᠮᠦᠵᠢᠯ ᠢ ᠠᠭᠤᠰᠤᠯᠴᠠᠭᠤᠯᠬᠤ︾ ᠶᠢ ᠭᠦᠶᠴᠡᠳ ᠰᠠᠶᠢᠲᠤᠷ ᠬᠡᠷᠡᠭᠯᠡᠵᠦ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠶ ᠬᠡᠯᠪᠡᠷᠢ ᠪᠠᠷ  ︽ᠵᠢᠷᠭᠤᠭᠠᠨ ᠥᠭᠦᠯᠡᠪᠦᠷᠢ︾ ᠶᠢᠨ ᠪᠣᠳᠠᠲᠤ ᠬᠡᠷᠡᠭ ᠪᠠ ᠶᠣᠰᠣ ᠤᠴᠢᠷ ᠢ ᠲᠣᠳᠣᠷᠬᠠᠶ ᠶᠠᠷᠢᠵᠤ᠂ ︽ᠬᠥᠭᠵᠢᠯᠲᠡ ᠶᠢᠨ ᠲᠠᠩᠰᠠ︾ ᠪᠠ ︽ᠠᠷᠠᠳ ᠲᠤ ᠠᠰᠢᠭ ᠬᠦᠷᠲᠡᠭᠡᠬᠦ ᠲᠠᠩᠰᠠ︾ ᠶᠢ ᠰᠠᠶᠢᠲᠤᠷ ᠪᠤᠳᠤᠵᠤ᠂ ᠰᠠᠶᠢᠨ ᠰᠠᠶᠢᠬᠠᠨ ᠠᠵᠢᠯᠯᠠᠭ᠎ᠠ ᠶᠢᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠤᠯᠠᠨ ᠲᠦᠮᠡᠨ ᠤ ᠳᠡᠷᠭᠡᠳᠡᠬᠢ ᠪᠠᠴᠢᠮ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠬᠦᠴᠦ ᠣᠷᠣᠭᠤᠯᠵᠤ᠂ ᠨᠠᠮ ᠤᠨ ᠪᠠᠶᠢᠭᠤᠯᠤᠯᠲᠠ ᠪᠠᠷ ᠬᠦᠳᠦᠯᠥᠨ ᠳᠠᠭᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠬᠥᠳᠡᠯᠭᠡᠬᠦ ᠡᠨᠧᠷᠭᠢ ᠶᠢ ᠬᠥᠭᠵᠢᠭᠡᠵᠦ᠂ ᠤᠯᠠᠨ ᠲᠦᠮᠡᠨ ᠳᠤ ᠬᠥᠭᠵᠢᠯᠲᠡ ᠬᠤᠪᠢᠷᠠᠯᠲᠠ ᠶᠢ ᠦᠨᠡᠨᠬᠦ ᠮᠡᠳᠡᠷᠡᠭᠦᠯᠬᠦ ᠬᠡᠷᠡᠭᠲᠡᠢ᠃ ᠨᠢᠭᠡ ᠲᠠᠯ᠎ᠠ  ᠪᠠᠷ ᠠᠬᠢᠭᠤᠯᠵᠤ᠂ ᠨᠢᠭᠡ ᠲᠠᠯ᠎ᠠ ᠪᠠᠷ ᠰᠢᠨ᠎ᠡ ᠶᠢ ᠡᠭᠦᠳᠴᠦ᠂ ᠨᠢᠭᠡ ᠲᠠᠯ᠎ᠠ ᠪᠠᠷ ᠳ᠋ᠦᠩᠨᠡᠵᠦ᠂ ᠨᠢᠭᠡ ᠪᠦᠯᠦᠭ ᠥᠪᠡᠷᠮᠢᠴᠡ ᠣᠨᠴᠠᠯᠢᠭ ᠲᠠᠢ ᠵᠢᠱᠢᠶ᠎ᠡ ᠦᠵᠡᠭᠦᠯᠬᠦ ᠨᠡᠶᠢᠲᠡᠯᠢᠭ ᠵᠢᠱᠢᠶ᠎ᠡ ᠶᠢ ᠪᠣᠶ ᠪᠣᠯᠭᠠᠵᠤ᠂ ᠪᠠᠶᠢᠩᠭᠤ ᠶᠢᠨ ᠴᠢᠨᠠᠷᠲᠠᠶ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠣᠶ ᠪᠣᠯᠭᠠᠵᠤ᠂ ᠪᠥᠬᠦ ᠠᠶᠢᠮᠠᠭ ᠤᠨ ᠣᠯᠠᠨ  ᠲᠦᠮᠡᠨᠴᠢ ᠬᠥᠮᠦᠵᠢᠯ ᠦᠶᠯᠡᠳᠦᠯᠭᠡ ᠶᠢᠨ ᠠᠵᠢᠯᠯᠠᠭ᠎ᠠ ᠳᠤ ᠵᠡᠭᠦᠨ ᠦᠵᠦᠮᠦᠴᠢᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠡᠶ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号