ᠥᠪᠥᠷ ᠮᠣᠩᠭᠤᠯ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/3/25
    ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠠᠶᠤᠯ ᠦᠭᠡᠢ ᠦᠢᠯᠡᠳᠪᠦᠷᠢᠯᠡᠯ ᠤᠨ ᠰᠠᠭᠤᠷᠢ ᠶᠢ ᠤᠯᠠᠮ ᠪᠠᠬᠢᠵᠢᠭᠦᠯᠬᠦ ᠶᠢᠨ ᠲᠥᠯᠥᠭᠡ᠂ ᠮᠠᠨ ᠤ ᠣᠷᠣᠨ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠵᠦ᠂ ︽ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠤᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2024 — 2026 ᠣᠨ︶︾ ︵ᠳᠣᠷᠣᠭᠰᠢ ︽ᠲᠥᠰᠥᠯ︾ ᠭᠡᠵᠦ ᠲᠣᠪᠴᠢᠯᠠᠪᠠ︶ ᠢ ᠣᠶᠢᠷ᠎ᠠ ᠳᠤ ᠳᠠᠷᠤᠮᠠᠯᠯᠠᠨ ᠲᠠᠷᠬᠠᠭᠠᠪᠠ᠃    ︽ᠲᠥᠰᠥᠯ︾ ᠨᠢ ᠲᠠᠷᠢᠶᠠᠯᠠᠩ ᠤᠨ ᠮᠠᠰᠢᠨ᠂ ᠵᠢᠭᠠᠰᠤᠨ ᠠᠵᠤ ᠠᠬᠤᠢ᠂ ᠲᠠᠷᠢᠶᠠᠨ ᠡᠮ᠂ ᠮᠠᠯ ᠵᠢᠭᠦᠷᠲᠡᠨ ᠢ ᠨᠢᠲᠤᠯᠵᠤ ᠡᠳ᠋ᠰᠢᠭᠦᠯᠬᠦ᠂ ᠬᠥᠳᠡᠭᠡ ᠲᠣᠰᠬᠤᠨ ᠤ ᠨᠠᠮᠤᠭ ᠤᠨ ᠬᠡᠢ ᠶᠢᠨ ᠢᠨᠵᠧᠨᠧᠷᠢᠩ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠤᠨ ᠠᠵᠢᠯᠯᠠᠭ᠎ᠠ ᠦᠷᠨᠢᠭᠦᠯᠬᠦ᠂ ᠬᠠᠤᠯᠢ ᠲᠣᠭᠲᠠᠭᠠᠯ ᠤᠨ ᠪᠠᠷᠢᠮᠵᠢᠶ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ ᠳᠡᠭᠡᠭᠰᠢᠯᠡᠭᠦᠯᠬᠦ᠂ ᠠᠵᠤ ᠠᠬᠤᠶᠢᠯᠠᠯ ᠪᠠ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠠᠮᠤᠷ ᠲᠦᠪᠰᠢᠨ ᠤ ᠳᠠᠯᠳᠠ ᠬᠡᠮ ᠢ ᠪᠠᠶᠢᠩᠭᠤᠰᠢᠭᠤᠯᠤᠨ ᠥᠪᠡᠰᠦᠪᠡᠨ ᠪᠠᠶᠢᠴᠠᠭᠠᠵᠤ ᠥᠭᠡᠷᠡᠴᠢᠯᠡᠬᠦ ᠶᠢ ᠠᠬᠢᠭᠤᠯᠬᠤ᠂ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠦᠷᠭᠦᠯᠵᠢᠯᠡᠨ ᠡᠷᠴᠢᠮᠵᠢᠭᠦᠯᠬᠦ᠂ ᠨᠡᠶᠢᠲᠡᠯᠢᠭ ᠵᠢᠱᠢᠶ᠎ᠡ ᠶᠢ ᠰᠣᠩᠭᠤᠨ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠷᠠᠭᠤᠯᠬᠤ ᠵᠡᠷᠭᠡ 12 ᠵᠦᠢᠯ ᠤᠨ ᠭᠤᠣᠯ ᠡᠭᠦᠷᠭᠡ ᠶᠢ ᠨᠠᠷᠢᠯᠢᠭᠵᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃    ︽ᠲᠥᠰᠥᠯ︾ ᠳᠤ ᠲᠣᠳᠣᠷᠬᠠᠶᠢᠯᠠᠭᠰᠠᠨ ᠨᠢ᠂ 3 ᠵᠢᠯ ᠤᠨ ᠰᠢᠪᠲᠤᠯᠤᠯᠲᠠ ᠪᠠᠷ ᠳᠡᠮᠵᠢᠨ᠂ ᠥᠪᠥᠷ ᠮᠣᠩᠭᠤᠯ ᠤᠨ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠬᠢᠭᠡᠳ ᠬᠤᠯᠪᠣᠭᠳᠠᠯ ᠪᠦᠬᠦᠢ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ᠂ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠠᠮᠤᠷ ᠲᠦᠪᠰᠢᠨ ᠬᠥᠭᠵᠢᠯᠲᠡ ᠶᠢᠨ ᠣᠨᠣᠯ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠳᠦᠷᠢᠮ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠪᠤᠳᠠᠰᠲᠤ ᠲᠣᠨᠤᠭ ᠲᠦᠬᠦᠭᠡᠷᠦᠮᠵᠢ ᠶᠢ ᠰᠠᠶᠢᠵᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠠᠯᠠᠮᠵᠢ ᠶᠢ ᠨᠡᠩ ᠬᠦᠴᠦᠲᠡᠢ ᠪᠣᠯᠭᠠᠵᠤ᠂            ︽ᠭᠤᠷᠪᠠ ᠶᠢ ᠳᠡᠭᠡᠭᠰᠢᠯᠡᠭᠦᠯᠬᠦ᠂ ᠬᠤᠶᠠᠷ ᠢ ᠳᠣᠣᠷ᠎ᠠ ᠪᠠᠶᠢᠷᠢᠨ ᠳᠤ ᠪᠠᠶᠢᠯᠭᠠᠬᠤ᠂ ᠨᠢᠭᠡ ᠰᠠᠶᠢᠵᠢᠷᠠᠬᠤ︾ ᠶᠢ ᠴᠢᠷᠮᠠᠶᠢᠨ ᠪᠡᠶᠡᠯᠡᠭᠦᠯᠦᠨ᠎ᠡ᠃ ᠲᠤᠬᠠᠶᠢᠯᠠᠪᠠᠯ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠠᠵᠢᠯ ᠡᠷᠬᠢᠯᠡᠭᠰᠡᠳ ᠤᠨ ᠠᠶᠤᠯ ᠦᠭᠡᠢ ᠦᠢᠯᠡᠳᠪᠦᠷᠢᠯᠡᠯ ᠤᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠮᠥᠨ ᠴᠢᠨᠠᠷ ᠤᠨ ᠠᠶᠤᠯ ᠦᠭᠡᠢ ᠶᠢᠨ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠲᠠᠷᠢᠶᠠᠯᠠᠩ ᠮᠠᠯ ᠠᠵᠤ ᠠᠬᠤᠢ ᠶᠢᠨ ᠠᠶᠤᠯ ᠦᠭᠡᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠠᠳᠡᠯ ᠤᠨ ᠲᠤᠭ᠎ᠠ ᠪᠠ ᠠᠳᠡᠭᠰᠡᠳ ᠤᠨ ᠲᠤᠭ᠎ᠠ ᠶᠢ ᠳᠣᠣᠷ᠎ᠠ ᠪᠠᠶᠢᠷᠢᠨ ᠳᠤ ᠪᠠᠶᠢᠯᠭᠠᠬᠤ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠶᠤᠯ ᠦᠭᠡᠢ ᠦᠢᠯᠡᠳᠪᠦᠷᠢᠯᠡᠯ ᠤᠨ ᠲᠣᠭᠲᠠᠭᠤᠨ ᠢᠶᠠᠷ ᠰᠠᠶᠢᠵᠢᠷᠠᠬᠤ ᠬᠠᠨᠳᠤᠰᠢ ᠶᠢ ᠪᠠᠲᠤᠯᠠᠬᠤ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号