ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠲᠥᠷᠥᠯ ᠤᠨ ᠠᠷᠠᠳ ᠲᠤ ᠠᠰᠢᠭ ᠬᠦᠷᠲᠡᠭᠡᠬᠦ | ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ 2023 ᠣᠨ ᠳᠤ ᠵᠡᠭᠦᠨ ᠦᠵᠦᠮᠦᠴᠢᠨ ᠬᠤᠰᠢᠭᠤᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ︽ᠨᠢᠭᠡ ᠺᠠᠷᠲ ᠢᠶᠠᠷ ᠭᠦᠢᠴᠡᠳᠭᠡᠬᠦ︾ ᠬᠠᠮᠢᠶᠠᠷᠤᠯᠲᠠ ᠶᠢᠨ ᠰᠢᠰᠲ᠋ᠧᠮ ᠢᠶᠠᠷ | ᠳᠠᠮᠵᠢᠭᠤᠯᠤᠨ ᠮᠠᠯ ᠠᠵᠤ ᠠᠬᠤᠢ᠂ ᠲᠠᠷᠢᠶᠠᠯᠠᠩ᠂ ᠣᠶ ᠰᠢᠭᠤᠢ᠂ ᠨᠡᠶᠢᠭᠡᠮ ᠤᠨ ᠳᠠᠭᠠᠳᠬᠠᠯ᠂ ᠠᠷᠠᠯᠵᠢᠶ᠎ᠠ | ᠬᠤᠳᠠᠯᠳᠤᠭ᠎ᠠ᠂ ᠰᠤᠷᠭᠠᠨ ᠬᠥᠮᠦᠵᠢᠯ᠂ ᠲᠥᠯᠥᠪᠯᠡᠭᠡᠲᠦ ᠦᠷᠡᠵᠢᠯ᠂ ᠪᠦᠲᠦᠭᠡᠨ ᠪᠠᠶᠢᠭᠤᠯᠤᠯᠲᠠ᠂ ᠴᠠᠯᠢᠩ ᠤᠨ | ᠲᠥᠷᠥᠯ ᠵᠡᠷᠭᠡ 9 ᠬᠦᠷᠢᠶᠡᠨ ᠳᠠᠬᠢ 60 ᠵᠦᠢᠯ ᠤᠨ ᠨᠥᠬᠦᠪᠦᠷᠢ ᠶᠢᠨ ᠪᠡᠯᠡ ᠮᠥᠩᠭᠦ ᠶᠢ 25086 ᠲᠦᠮᠡᠨ | ᠲᠥᠭᠦᠷᠢᠭ ᠲᠠᠷᠬᠠᠭᠠᠵᠤ᠂ ᠣᠯᠠᠨ ᠲᠦᠮᠡᠨ ᠳᠤ 99594 ᠬᠥᠮᠥᠨ ᠤᠳᠠᠭ᠎ᠠ ᠠᠰᠢᠭ ᠬᠦᠷᠲᠡᠭᠡᠪᠡ᠃ ᠡᠭᠦᠨ ᠳᠤ᠄ | ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ 13326 ᠲᠦᠮᠡᠨ ᠲᠥᠭᠦᠷᠢᠭ᠂ | 36804 ᠬᠥᠮᠥᠨ ᠤᠳᠠᠭ᠎ᠠ ᠳᠤ ᠠᠰᠢᠭ ᠬᠦᠷᠲᠡᠭᠡᠪᠡ︔ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ 521 | ᠲᠦᠮᠡᠨ ᠲᠥᠭᠦᠷᠢᠭ ᠤᠨ ᠨᠥᠬᠦᠪᠦᠷᠢ ᠮᠥᠩᠭᠦ ᠥᠭᠴᠦ᠂ 456 ᠬᠥᠮᠥᠨ ᠤᠳᠠᠭ᠎ᠠ ᠳᠤ ᠠᠰᠢᠭ ᠬᠦᠷᠲᠡᠭᠡᠪᠡ︔ | ᠨᠡᠶᠢᠲᠡ ᠶᠢᠨ ᠠᠰᠠᠷᠠᠮᠵᠢ ᠶᠢᠨ ᠣᠶ ᠶᠢᠨ ᠠᠮᠢ ᠠᠬᠤᠢ ᠶᠢᠨ ᠦᠷ᠎ᠡ ᠠᠰᠢᠭ᠂ ᠣᠶ ᠬᠠᠮᠠᠭᠠᠯᠠᠭᠴᠢ ᠵᠡᠷᠭᠡ ᠳᠤ 1070 | ᠲᠦᠮᠡᠨ ᠲᠥᠭᠦᠷᠢᠭ ᠤᠨ ᠨᠥᠬᠦᠪᠦᠷᠢ ᠮᠥᠩᠭᠦ ᠥᠭᠴᠦ᠂ 1573 ᠬᠥᠮᠥᠨ ᠤᠳᠠᠭ᠎ᠠ ᠳᠤ ᠠᠰᠢᠭ ᠬᠦᠷᠲᠡᠭᠡᠪᠡ︔ | ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠬᠤᠲᠠ ᠪᠠᠯᠭᠠᠰᠤᠨ ᠤ ᠨᠡᠶᠢᠭᠡᠮ ᠤᠨ | ᠳᠠᠭᠠᠳᠬᠠᠯ᠂ ᠴᠡᠷᠢᠭ ᠠᠴᠠ ᠬᠠᠯᠠᠭᠳᠠᠭᠰᠠᠳ ᠲᠤ 2693 ᠲᠦᠮᠡᠨ ᠲᠥᠭᠦᠷᠢᠭ ᠤᠨ ᠨᠥᠬᠦᠪᠦᠷᠢ ᠮᠥᠩᠭᠦ ᠥᠭᠴᠦ᠂ | 51664 ᠬᠥᠮᠥᠨ ᠤᠳᠠᠭ᠎ᠠ ᠳᠤ ᠠᠰᠢᠭ ᠬᠦᠷᠲᠡᠭᠡᠪᠡ︔ ᠲᠦᠷᠢᠶᠡᠰᠦᠨ ᠮᠠᠰᠢᠨ ᠲᠡᠷᠭᠡᠨ ᠤ ᠲᠣᠰᠣᠨ ᠤ | ᠨᠥᠬᠦᠪᠦᠷᠢ ᠶᠢᠨ ᠪᠡᠯᠡ ᠮᠥᠩᠭᠦ 98.68 ᠲᠦᠮᠡᠨ ᠲᠥᠭᠦᠷᠢᠭ᠂ 607 ᠬᠥᠮᠥᠨ ᠤᠳᠠᠭ᠎ᠠ ᠳᠤ ᠠᠰᠢᠭ | ᠬᠦᠷᠲᠡᠭᠡᠪᠡ︔ ᠪᠠᠶᠢᠷᠢ ᠳᠤ ᠰᠠᠭᠤᠬᠤ ᠰᠣᠷᠣᠭᠴᠢ ᠶᠢᠨ ᠨᠥᠬᠦᠪᠦᠷᠢ ᠵᠡᠷᠭᠡ ᠨᠥᠬᠦᠪᠦᠷᠢ ᠮᠥᠩᠭᠦ 78 ᠲᠦᠮᠡᠨ | ᠲᠥᠭᠦᠷᠢᠭ᠂ 1492 ᠬᠥᠮᠥᠨ ᠤᠳᠠᠭ᠎ᠠ ᠳᠤ ᠠᠰᠢᠭ ᠬᠦᠷᠲᠡᠭᠡᠪᠡ︔ ᠲᠥᠯᠥᠪᠯᠡᠭᠡᠲᠦ ᠦᠷᠡᠵᠢᠯ ᠤᠨ ᠨᠥᠬᠦᠪᠦᠷᠢ | 111 ᠲᠦᠮᠡᠨ ᠲᠥᠭᠦᠷᠢᠭ᠂ 379 ᠬᠥᠮᠥᠨ ᠤᠳᠠᠭ᠎ᠠ ᠳᠤ ᠠᠰᠢᠭ ᠬᠦᠷᠲᠡᠭᠡᠪᠡ︔ ᠭᠠᠵᠠᠷ ᠰᠢᠷᠣᠢ ᠶᠢᠨ | ᠲᠠᠲᠠᠪᠤᠷᠢᠯᠠᠯᠲᠠ ᠶᠢᠨ ᠨᠥᠬᠦᠪᠦᠷᠢ᠂ ᠬᠢᠮᠳᠠ ᠲᠦᠷᠢᠶᠡᠰᠦᠨ ᠣᠷᠣᠨ ᠰᠠᠭᠤᠴᠠ ᠶᠢᠨ ᠨᠥᠬᠦᠪᠦᠷᠢ᠂ ᠨᠤᠷᠠᠬᠤ ᠠᠶᠤᠯᠲᠠᠢ | ᠭᠡᠷ ᠪᠠᠶᠢᠰᠢᠩ ᠢ ᠵᠠᠰᠠᠨ ᠰᠠᠶᠢᠵᠢᠷᠠᠭᠤᠯᠬᠤ ᠨᠥᠬᠦᠪᠦᠷᠢ ᠵᠡᠷᠭᠡ ᠨᠥᠬᠦᠪᠦᠷᠢ ᠮᠥᠩᠭᠦ 1365 ᠲᠦᠮᠡᠨ ᠲᠥᠭᠦᠷᠢᠭ᠂ | 1341 ᠬᠥᠮᠥᠨ ᠤᠳᠠᠭ᠎ᠠ ᠳᠤ ᠠᠰᠢᠭ ᠬᠦᠷᠲᠡᠭᠡᠪᠡ︔ ᠬᠢᠯᠢ ᠶᠢᠨ ᠰᠠᠭᠤᠭᠠᠯᠢ ᠠᠷᠠᠳ ᠤᠨ ᠠᠮᠢᠳᠤᠷᠠᠯ ᠤᠨ | ᠨᠥᠬᠦᠪᠦᠷᠢ᠂ ᠬᠢᠯᠢ ᠬᠠᠮᠠᠭᠠᠯᠠᠭᠴᠢ ᠶᠢᠨ ᠨᠥᠬᠦᠪᠦᠷᠢ᠂ ᠬᠢᠵᠢᠭ ᠢ ᠰᠡᠷᠭᠡᠶᠢᠯᠡᠭᠴᠢ ᠶᠢᠨ ᠨᠥᠬᠦᠪᠦᠷᠢ ᠵᠡᠷᠭᠡ 5038 | ᠲᠦᠮᠡᠨ ᠲᠥᠭᠦᠷᠢᠭ ᠤᠨ ᠨᠥᠬᠦᠪᠦᠷᠢ ᠮᠥᠩᠭᠦ ᠲᠠᠷᠬᠠᠭᠠᠵᠤ᠂ 4841 ᠬᠥᠮᠥᠨ ᠤᠳᠠᠭ᠎ᠠ ᠳᠤ ᠠᠰᠢᠭ ᠬᠦᠷᠲᠡᠭᠡᠪᠡ᠃ | |