ᠮᠠᠨ ᠤ ᠬᠤᠰᠢᠭᠤ ︽ᠤᠯᠤᠰ ᠤᠨ ᠪᠠᠲᠤᠯᠠᠨ ᠬᠠᠮᠠᠭᠠᠯᠠᠯᠲᠠ ᠪᠠᠨ ᠬᠠᠶᠢᠷᠠᠯᠠᠬᠤ︾ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/3/26
      ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠤᠯᠠᠮ ᠴᠢᠨᠠᠭᠰᠢᠳᠠ ᠲᠤᠤᠱᠯᠠᠭᠤᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠠᠮ ᠵᠠᠰᠠᠭ ᠴᠡᠷᠢᠭ ᠴᠠᠭᠳᠠᠭ᠎ᠠ ᠠᠷᠠᠳ ᠬᠠᠷᠢᠯᠴᠠᠨ ᠠᠭᠤᠰᠤᠯᠴᠠᠵᠤ ᠬᠠᠮᠲᠤᠪᠠᠷ ᠠᠵᠢᠯᠯᠠᠬᠤ ᠰᠢᠨ᠎ᠡ ᠪᠠᠶᠢᠷᠢᠰᠢᠯ ᠢ ᠡᠭᠦᠳᠬᠦ ᠶᠢᠨ ᠲᠦᠯᠦᠭᠡ᠂ 3 ᠰᠠᠷ᠎ᠠ ᠶᠢᠨ 8 ᠤ ᠡᠳᠦᠷ᠂ ᠮᠠᠨ ᠤ ᠬᠤᠰᠢᠭᠤ ︽ᠤᠯᠤᠰ ᠤᠨ ᠪᠠᠲᠤᠯᠠᠨ ᠬᠠᠮᠠᠭᠠᠯᠠᠯᠲᠠ ᠪᠠᠨ ᠬᠠᠶᠢᠷᠠᠯᠠᠬᠤ︾ ᠭᠤᠣᠯ ᠰᠡᠳᠦᠪᠲᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠃
     ᠲᠣᠰ ᠤᠳᠠᠭᠠᠨ ᠤ ᠠᠵᠢᠯᠯᠠᠭ᠎ᠠ ᠶᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠭᠤᠣᠯᠯᠠᠨ ᠡᠷᠭᠢᠯᠡᠵᠦ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠮᠠᠨᠳᠤᠬᠤᠪᠤᠯᠠᠭ ᠪᠠᠯᠭᠠᠰᠤᠨ ᠤ ᠨᠠᠮ ᠤᠨ ᠬᠤᠷᠢᠶ᠎ᠠ᠂ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ‌ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠤᠯᠠᠭᠠᠨᠮᠥ᠋ᠴᠢᠷ᠂ ᠨᠣᠮ ᠤᠨ ᠰᠠᠩ ᠳᠠᠭᠠᠭᠠᠴᠢᠯᠠᠨ ᠡᠷᠭᠢᠯᠡᠵᠦ᠂ ᠨᠡᠶᠢᠲᠡ 60 ᠬᠥᠮᠥᠨ ᠣᠷᠣᠯᠴᠠᠵᠠᠢ᠃
     ᠠᠵᠢᠯᠯᠠᠭ᠎ᠠ ᠶᠢᠨ ᠡᠬᠢᠨ ᠳᠤ ᠤᠯᠤᠰ ᠤᠨ ᠲᠤᠭ ᠮᠠᠨᠳᠤᠭᠤᠯᠵᠤ᠂ ᠣᠯᠠᠨ ᠢᠶᠠᠷ ᠢᠶᠠᠨ ᠤᠯᠤᠰ ᠤᠨ ᠲᠤᠭ ᠲᠤ ᠬᠠᠨᠳᠤᠨ ᠲᠥᠪ ᠵᠤᠭᠰᠤᠨ ᠶᠣᠰᠤᠯᠠᠪᠠ᠃ ᠳᠠᠷᠠᠭ᠎ᠠ ᠨᠢ᠂ ᠬᠤᠰᠢᠭᠤ ᠤᠯᠠᠭᠠᠨᠮᠥ᠋ᠴᠢᠷ ᠤᠨ  ᠲᠣᠭᠯᠠᠭᠴᠢᠳ ᠠᠴᠠ ᠤᠷᠠᠨ ᠪᠦᠵᠢᠭ ᠤᠶᠠᠩᠭ᠎ᠠ ᠳᠠᠭᠤᠤ ᠪᠠᠨ ᠡᠷᠭᠦᠨ ᠪᠠᠷᠢᠵᠤ᠂ ᠭᠤᠣᠯ ᠬᠦᠭ ᠠᠶᠠᠰ ᠢ ᠴᠤᠤᠷᠢᠶᠠᠳᠤᠭᠤᠯᠤᠨ᠂ ᠢᠳᠡᠪᠬᠢ ᠬᠦᠴᠦᠨ ᠢ ᠤᠯᠠᠮᠵᠢᠯᠠᠨ᠂ ᠳᠠᠷᠤᠭ᠎ᠠ ᠪᠠᠶᠢᠯᠳᠤᠭᠴᠢᠳ ᠲᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠶᠢ ᠰᠣᠨᠢᠷᠬᠠᠭᠤᠯᠤᠨ᠂ ᠬᠠᠯᠠᠭᠤᠨ ᠠᠯᠠᠭ᠎ᠠ ᠶᠢ ᠬᠦᠷᠲᠡᠵᠦ ᠪᠠᠶᠢᠯ᠎ᠠ᠃ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠴᠤ ᠭᠤᠶᠢᠳᠠ ᠰᠠᠶᠢᠬᠠᠨ ᠵᠡᠪᠰᠡᠭ ᠤᠨ ᠡᠷᠳᠡᠮ ᠤᠨ ᠲᠣᠭᠯᠠᠯᠲᠠ ᠶᠢ ᠰᠣᠨᠢᠷᠬᠠᠭᠤᠯᠪᠠ᠃ ᠡᠨᠡ ᠬᠤᠭᠤᠴᠠᠭᠠᠨ ᠳᠤ ᠪᠠᠰᠠ ᠨᠣᠮ ᠪᠢᠴᠢᠭ ᠪᠡᠯᠡᠭᠯᠡᠬᠦ᠂ ᠮᠡᠳᠡᠯᠭᠡ ᠶᠢᠨ ᠠᠰᠠᠭᠤᠯᠲᠠ ᠬᠠᠷᠢᠭᠤᠯᠲᠠ ᠵᠡᠷᠭᠡ ᠠᠭᠤᠯᠭ᠎ᠠ ᠶᠢ ᠶᠠᠪᠤᠭᠳᠠᠭᠤᠯᠤᠭᠰᠠᠨ ᠪᠠᠶᠢᠨ᠎ᠠ᠃
     ᠲᠤᠰ ᠤᠳᠠᠭᠠᠨ ᠤ ᠠᠵᠢᠯᠯᠠᠭ᠎ᠠ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ᠂ ᠦᠨᠳᠦᠰᠦᠲᠡᠨ ᠤ ᠪᠦᠯᠬᠦᠮᠳᠡᠯ᠂ ᠪᠦᠬᠦ ᠠᠷᠠᠳ ᠢᠶᠠᠷ ᠢᠶᠠᠨ ᠨᠣᠮ ᠤᠩᠰᠢᠬᠤ ᠶᠢ ᠤᠶᠠᠯᠳᠤᠭᠤᠯᠵᠤ᠂ ᠤᠳᠬ᠎ᠠ ᠤᠷᠠᠯᠢᠭ᠂ ᠨᠣᠮ ᠪᠢᠴᠢᠭ ᠬᠦᠷᠭᠡᠬᠦ᠂ ᠲᠦᠷᠦ ᠶᠢᠨ ᠪᠣᠳᠣᠯᠭ᠎ᠠ ᠶᠢᠨ ᠠᠷᠭ᠎ᠠ ᠬᠡᠯᠪᠡᠷᠢ ᠪᠠᠷ ᠬᠢᠯᠢ ᠶᠢᠨ ᠬᠠᠮᠠᠭᠠᠯᠠᠯᠲᠠ ᠶᠢᠨ ᠡᠮᠦᠨ᠎ᠡ ᠹᠷᠣᠨᠲ ᠤᠨ ᠳᠠᠷᠤᠭ᠎ᠠ ᠪᠠᠶᠢᠯᠳᠤᠭᠴᠢᠳ ᠢ ᠲᠣᠬᠤᠨᠢᠭᠤᠯᠵᠤ᠂ ᠬᠢᠯᠢ ᠬᠢᠵᠠᠭᠠᠷ ᠣᠷᠣᠨ ᠤ ᠴᠡᠷᠢᠭ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠴᠡᠷᠢᠭ ᠠᠷᠠᠳ ᠤᠨ ᠬᠠᠶᠢᠷ᠎ᠠ ᠰᠡᠳᠬᠢᠯᠭᠡ ᠶᠢᠨ ᠰᠣᠯᠢᠯᠴᠠᠭ᠎ᠠ ᠶᠢ ᠤᠯᠠᠮ ᠴᠢᠨᠠᠭᠰᠢᠳᠠ ᠠᠬᠢᠭᠤᠯᠵᠤ᠂ ᠡᠶ᠎ᠡ ᠵᠣᠬᠢᠴᠠᠩᠭᠤᠢ ︽ᠬᠤᠶᠠᠷ ᠢ ᠬᠦᠷᠢᠶᠡᠯᠡᠬᠦ︾ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号