ᠲᠡᠷᠢᠭᠦᠨ ᠤ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ — ᠡᠵᠢᠨᠠᠭᠤᠷ ᠪᠠᠯᠭᠠᠰᠤᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ
ᠨᠡᠶᠢᠲᠡᠯᠡᠭᠰᠡᠨ ᠴᠠᠭ᠄
2024/3/26
      ︽3.8︾ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠳᠠᠰᠢᠷᠠᠮ ᠢᠶᠠᠷ᠂ 3 ᠰᠠᠷ᠎ᠠ ᠶᠢᠨ 7 ᠤ ᠡᠳᠦᠷ᠂ ᠡᠵᠢᠨᠠᠭᠤᠷ ᠪᠠᠯᠭᠠᠰᠤᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ︽3.8︾ ᠤ ᠳᠡᠯᠡᠬᠡᠢ ᠶᠢᠨ ᠬᠦᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠨ114 ᠵᠢᠯ ᠤᠨ ᠣᠢ ᠶᠢ ᠪᠡᠯᠭᠡᠯᠡᠬᠦ ᠱᠠᠩᠨᠠᠨ ᠬᠦᠬᠢᠭᠦᠯᠬᠦ ᠬᠤᠷᠠᠯ ᠬᠤᠷᠠᠯᠳᠤᠵᠠᠢ᠃      ᠠᠵᠢᠯᠯᠠᠭ᠎ᠠ ᠶᠢᠨ ᠡᠬᠢᠨ ᠳᠤ᠂ ᠡᠵᠢᠨᠠᠭᠤᠷ ᠪᠠᠯᠭᠠᠰᠤᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠠᠴᠠ᠂ ᠠᠵᠢᠯᠴᠢ ᠬᠦᠳᠡᠯᠮᠦᠷᠢᠴᠢ᠂ ᠠᠷᠠᠳ ᠣᠯᠠᠨ ᠤ ᠪᠠᠨ ᠳᠤᠮᠳᠠ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠡᠭᠲᠡᠶᠢᠴᠦᠳ ᠤᠨ ᠢᠶᠠᠨ ᠴᠤᠭ ᠵᠢᠪᠬᠤᠭ᠎ᠠ ᠶᠢ ᠢᠯᠡᠷᠡᠭᠦᠯᠵᠦ ᠶᠠᠪᠤᠭ᠎ᠠ ᠰᠣᠳᠤᠨ ᠪᠦᠰᠡᠭᠦᠶᠢᠴᠦᠳ ᠢᠶᠠᠨ ᠤᠷᠮᠠᠰᠢᠭᠤᠯᠤᠨ ︽ᠲᠡᠷᠢᠭᠦᠨ ᠤ ᠦᠢᠯᠡᠰ ᠪᠤᠰᠬᠠᠭᠴᠢ ᠡᠮᠡᠭᠲᠡᠢ︾᠂ ︽ᠰᠢᠯᠢᠳᠡᠭ ᠡᠮᠡᠭᠲᠡᠶᠢᠴᠦᠳ ᠤᠨ ᠠᠵᠢᠯᠯᠠᠭᠴᠢ︾᠂ ︽ᠬᠠᠮᠤᠭ ᠰᠠᠶᠢᠬᠠᠨ ᠭᠡᠷ ᠪᠦᠯᠢ︾᠂  ︽ᠴᠡᠪᠡᠷ ᠴᠡᠮᠴᠡᠭᠡᠷ ᠭᠡᠷ ᠤᠷᠤᠨ︾ ᠵᠡᠷᠭᠡ ᠢᠷᠡᠭᠤ ᠠᠯᠳᠠᠷ ᠢᠶᠠᠷ ᠬᠦᠬᠢᠭᠦᠯᠦᠨ ᠱᠠᠩᠨᠠᠵᠠᠢ᠃
     ᠡᠮᠡᠭᠲᠡᠶᠢᠴᠦᠳ ᠤᠨ ᠬᠠᠤᠯᠢ ᠴᠠᠭᠠᠵᠠ ᠶᠢᠨ ᠮᠡᠳᠡᠯᠭᠡ᠂ ᠭᠡᠷ ᠪᠦᠯᠢ ᠶᠢᠨ ᠬᠦᠮᠦᠵᠢᠯ᠂ ᠡᠷᠡᠭᠦᠯ ᠬᠠᠮᠠᠭᠠᠯᠠᠯ ᠤᠨ ᠮᠡᠳᠡᠯᠭᠡ ᠶᠢ ᠦᠷᠭᠡᠳᠬᠡᠨ᠂ ᠠᠮᠢᠳᠤᠷᠠᠯ ᠤᠨ ᠵᠤᠭ᠎ᠠ ᠴᠡᠩᠭᠡᠯ ᠤᠨ ᠬᠦᠷᠲᠡᠮᠵᠢ᠂ ᠵᠣᠯ ᠵᠢᠷᠭᠠᠯᠲᠤ ᠲᠦᠷᠦᠭᠳᠡᠯ ᠢ ᠨᠡᠮᠡᠭᠳᠡᠭᠦᠯᠬᠦ ᠶᠢᠨ ᠲᠤᠯᠠᠲᠠ᠂ ᠡᠵᠢᠨᠠᠭᠤᠷ ᠪᠠᠯᠭᠠᠰᠤᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠠᠴᠠ ᠲᠤᠰᠬᠠᠢ ᠮᠡᠷᠭᠡᠵᠢᠯ ᠤᠨ ᠪᠠᠭᠰᠢ ᠪᠣᠯᠣᠨ ᠠᠵᠢᠯᠲᠠᠳ ᠢ ᠤᠷᠢᠵᠤ᠂ ︽ᠡᠷᠬᠡ ᠠᠰᠢᠭ ᠢ ᠬᠠᠮᠠᠭᠠᠯᠠᠬᠤ ᠬᠠᠤᠯᠢ ᠳᠦᠷᠢᠮ ᠤᠨ ᠤᠬᠠᠭᠤᠯᠭ᠎ᠠ ᠶᠢᠨ ᠪᠤᠯᠪᠠᠰᠤᠷᠠᠯ︾᠂ ︽ᠭᠡᠷ ᠪᠦᠯᠢ ᠶᠢᠨ ᠬᠦᠮᠦᠵᠢᠯ ᠤᠨ ᠬᠢᠴᠢᠶᠡᠯ︾᠂ ︽ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠲᠦᠷᠭᠡᠨ ᠠᠪᠤᠷᠠᠬᠤ ᠮᠡᠳᠡᠯᠭᠡ ᠮᠡᠷᠭᠡᠵᠢᠯ ᠤᠨ ᠪᠤᠯᠪᠠᠰᠤᠷᠠᠯ ᠵᠢᠴᠢ ᠰᠣᠷᠢᠯᠲᠠ︾᠂         ︽ᠡᠮᠡᠭᠲᠡᠶᠢᠴᠦᠳ ᠤᠨ ᠢᠰᠡᠭᠡᠢ ᠭᠠᠷ ᠤᠷᠠᠯᠠᠯ ᠤᠨ ᠪᠦᠲᠦᠭᠡᠭᠲᠡᠭᠦᠨ ᠬᠢᠬᠦ ᠪᠤᠯᠪᠠᠰᠤᠷᠠᠯ︾  ᠵᠡᠷᠭᠡ ᠡᠯᠪᠡᠭ ᠠᠭᠤᠯᠭ᠎ᠠ ᠪᠠᠷ ᠶᠠᠪᠤᠭᠳᠠᠭᠤᠯᠵᠤ᠂ ᠠᠬᠤᠢ ᠲᠠᠯᠠᠪᠠᠢ ᠬᠦᠷ ᠨᠠᠷᠬᠢᠶᠠᠨ ᠢᠶᠠᠷ ᠪᠢᠯᠬᠠᠵᠤ ᠪᠠᠶᠢᠯ᠎ᠠ᠃ ᠲᠤᠰ ᠠᠵᠢᠯᠯᠠᠭ᠎ᠠ  ᠨᠢ᠂ ᠡᠮᠡᠭᠲᠡᠶᠢᠴᠦᠳ ᠤᠨ ᠢᠶᠠᠨ ᠤᠶᠤᠨ ᠤ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠮᠡᠳᠡᠯᠭᠡ  ᠶᠢᠨ ᠬᠦᠮᠦᠷᠭᠡ ᠶᠢ ᠪᠠᠶᠠᠯᠢᠭᠵᠢᠭᠤᠯᠤᠨ᠂ ᠳᠤᠷ᠎ᠠ ᠰᠣᠨᠢᠷᠬᠠᠯ ᠤᠨ ᠡᠭᠦᠳᠦᠨ ᠪᠦᠲᠦᠭᠡᠯᠲᠡ ᠶᠢᠨ ᠪᠠᠶᠠᠰᠤᠯ ᠪᠠ ᠤᠷᠠᠯᠢᠭ ᠤᠨ ᠭᠤᠸ᠎ᠠ ᠰᠠᠶᠢᠬᠠᠨ ᠢ ᠮᠡᠳᠡᠷᠡᠭᠦᠯᠦᠭᠰᠡᠨ ᠪᠠᠶᠢᠨ᠎ᠠ᠃
      ※ ᠰᠣᠷᠪᠣᠯᠵᠢᠯᠠᠭ᠎ᠠ᠄ ᠡᠵᠢᠨᠠᠭᠤᠷ ᠪᠠᠯᠭᠠᠰᠤ ᠶᠢᠨ ᠰᠠᠶᠢᠬᠤᠰᠤ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠤᠨ ᠳᠡᠳ᠋ ᠡᠷᠬᠢᠯᠡᠭᠴᠢ ᠨᠠᠷᠠᠨᠲᠤᠶᠠᠭ᠎ᠠ      ᠣᠶᠢᠷ᠎ᠠ ᠶᠢᠨ ᠵᠢᠯ ᠳᠤ᠂ ᠡᠵᠢᠨᠠᠭᠤᠷ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠰᠢ ᠶᠢᠨ ᠫᠢᠩ ᠶᠡᠷᠦᠩᠭᠡᠢ ᠱᠦᠵᠢ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠠᠵᠢᠯ ᠤᠨ ᠭᠤᠤᠯ ᠰᠢᠵᠢᠮ ᠪᠤᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠡᠮᠡᠭᠲᠡᠶᠢᠴᠦᠳ ᠪᠠ ᠡᠮᠡᠭᠲᠡᠶᠢᠴᠦᠳ ᠤᠨ ᠠᠵᠢᠯ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠯᠢ ᠣᠯᠠᠨ ᠤᠳᠬ᠎ᠠ ᠲᠡᠭᠦᠯᠳᠡᠷ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠵᠦ᠂ ᠪᠦᠬᠦ ᠪᠠᠯᠭᠠᠰᠤ ᠶᠢᠨ ᠡᠯ᠎ᠡ ᠲᠠᠯ᠎ᠠ ᠶᠢᠨ ᠠᠵᠢᠯ ᠤᠨ ᠬᠥᠭᠵᠢᠯᠲᠡ ᠳᠤ ᠡᠮᠡᠭᠲᠡᠶᠢᠴᠦᠳ ᠤᠨ ᠬᠦᠴᠦᠨ ᠴᠢᠳᠠᠯ  ᠢᠶᠠᠨ ᠨᠡᠮᠡᠷᠢᠯᠡᠭᠰᠡᠭᠡᠷ ᠢᠷᠡᠵᠠᠢ᠃
    ※ ᠰᠣᠷᠪᠣᠯᠵᠢᠯᠠᠭ᠎ᠠ᠄ ᠡᠵᠢᠨᠠᠭᠤᠷ ᠪᠠᠯᠭᠠᠰᠤ ᠶᠢᠨ ᠡᠮᠡᠭᠲᠡᠶᠢᠴᠦᠳ ᠤᠨ ᠬᠤᠯᠪᠤᠭᠠᠲᠤ ᠬᠤᠷᠠᠯ ᠤᠨ ᠲᠡᠷᠢᠭᠦᠯᠡᠭᠴᠢ ᠴᠠᠭᠠᠨᠴᠡᠴᠡᠭ      ᠡᠵᠢᠨᠠᠭᠤᠷ ᠪᠠᠯᠭᠠᠰᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠢᠯᠡᠴᠢᠯᠡᠭᠡ ᠪᠠ ᠬᠠᠷᠢᠯᠴᠠᠭ᠎ᠠ ᠶᠢ ᠴᠢᠩᠭᠠᠳᠬᠠᠵᠤ᠂ ᠡᠮᠡᠭᠲᠡᠶᠢᠴᠦᠳ ᠬᠡᠤᠬᠡᠳ ᠤᠨ ᠡᠷᠬᠡ ᠠᠰᠢᠭ ᠢ ᠦᠨᠡᠨᠬᠦ ᠬᠠᠮᠠᠭᠠᠯᠠᠵᠤ᠂ ᠡᠮᠡᠭᠲᠡᠶᠢᠴᠦᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠪᠦᠬᠦ ᠪᠠᠯᠭᠠᠰᠤᠨ ᠤ ᠡᠯ᠎ᠡ ᠲᠠᠯ᠎ᠠ ᠶᠢᠨ ᠠᠵᠢᠯ ᠤᠨ ᠬᠥᠭᠵᠢᠯᠲᠡ ᠳᠤ ᠡᠮᠡᠭᠲᠡᠶᠢᠴᠦᠳ ᠤᠨ ᠴᠤᠭ ᠵᠢᠪᠬᠤᠭ᠎ᠠ ᠪᠠᠨ ᠪᠠᠳᠠᠷᠠᠭᠤᠯᠤᠨ᠂ ᠬᠦᠴᠦᠨ ᠵᠢᠳᠬᠦᠯ ᠢᠶᠠᠨ ᠡᠷᠭᠦᠵᠦ ᠶᠠᠪᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号