ᠪᠥᠬᠦ ᠤᠯᠤᠰ ᠤᠨ ᠯᠸᠢ ᠹᠧᠩ ᠠᠴᠠ ᠰᠤᠷᠤᠯᠴᠠᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠴᠡᠭ — ᠪᠣᠭᠳᠠ ᠠᠭᠤᠯᠠ ᠶᠢᠨ ᠬᠢᠯᠢ ᠶᠢᠨ ᠲᠣᠮᠢᠯᠠᠭᠰᠠᠨ ᠰᠠᠯᠪᠤᠷᠢ
ᠨᠡᠶᠢᠲᠡᠯᠡᠭᠰᠡᠨ ᠴᠠᠭ᠄
2024/3/26
      ᠤᠶᠢᠷ᠎ᠠ ᠶᠢᠨ ᠡᠳᠦᠷ᠂ ᠲᠥᠪ ᠤᠨ ᠤᠬᠠᠭᠤᠯᠬᠤ ᠬᠡᠯᠲᠡᠰ ᠤᠨ ᠤᠬᠠᠭᠤᠯᠭ᠎ᠠ ᠬᠥᠮᠦᠵᠢᠯ ᠤᠨ ᠲᠣᠪᠴᠢᠶ᠎ᠠ  ᠠᠴᠠ ᠶᠢᠰᠦᠳᠦᠭᠡᠷ ᠪᠦᠯᠦᠭ ᠤᠨ ᠪᠥᠬᠦ ᠤᠯᠤᠰ ᠤᠨ ᠯᠧᠢ ᠹᠧᠩ ᠴᠡ ᠰᠤᠷᠤᠯᠴᠠᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠴᠡᠭ ᠤᠨ ᠨᠡᠷᠡᠰ ᠢ ᠨᠡᠶᠢᠲᠡᠯᠡᠪᠡ᠂ ᠮᠠᠨ ᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠣᠭᠳᠠ ᠠᠭᠤᠯᠠ ᠶᠢᠨ ᠬᠢᠯᠢ ᠶᠢᠨ ᠲᠣᠮᠢᠯᠠᠭᠰᠠᠨ ᠰᠠᠯᠪᠤᠷᠢ ᠨᠢ ᠪᠥᠬᠦ ᠣᠷᠣᠨ ᠤ ᠴᠣᠷ ᠤᠨ ᠭᠠᠭᠴᠠ ᠵᠢᠭᠰᠠᠭᠠᠯᠲᠠ  ᠳᠤ ᠤᠷᠤᠭᠰᠠᠨ ᠬᠠᠮᠲᠤ ᠨᠢᠭᠡᠴᠢ ᠪᠣᠯᠵᠠᠢ᠂ ᠡᠨᠡ ᠬᠦ ᠢᠷᠠᠭᠤ ᠠᠯᠳᠠᠷ ᠨᠢ ᠴᠦ ᠲᠤᠰ ᠰᠠᠯᠪᠤᠷᠢ ᠶᠢᠨ ᠠᠷᠠᠳ ᠤᠨ ᠴᠠᠭᠳᠠᠭ᠎ᠠ ᠨᠠᠷ ᠤᠨ ᠰᠢᠨ᠎ᠡ ᠵᠢᠯ ᠤᠨ ᠬᠠᠮᠤᠭ ᠤᠨ ᠨᠠᠨᠳᠢᠨ ᠪᠡᠯᠡᠭ ᠪᠣᠯᠵᠠᠶ᠃
     ᠪᠣᠭᠳᠠ ᠠᠭᠤᠯᠠ ᠶᠢᠨ ᠬᠢᠯᠢ ᠶᠢᠨ ᠲᠣᠮᠢᠯᠠᠭᠰᠠᠨ ᠰᠠᠯᠪᠤᠷᠢ ᠶᠢᠨ ᠤᠯᠤᠰ ᠲᠦᠷᠦ ᠶᠢᠨ ᠵᠢᠭᠠᠨ ᠵᠢᠯᠤᠭᠤᠳᠤᠭᠴᠢ ᠸᠠᠩ ᠯᠢᠶᠠᠩ ᠬᠠᠮᠲᠤ ᠠᠵᠢᠯᠯᠠᠭᠰᠠᠳ ᠲᠠᠢ ᠪᠠᠨ ᠡᠨᠡᠬᠦ ᠪᠠᠶᠠᠷ ᠤᠨ ᠴᠢᠮᠡᠭᠡ ᠶᠢ  ᠬᠤᠪᠢᠶᠠᠯᠴᠠᠨ          ︿︿︿ᠪᠦᠬᠦ ᠤᠯᠤᠰ ᠤᠨ ᠯᠸᠢ ᠹᠧᠩ ᠠᠴᠠ ᠰᠤᠷᠤᠯᠴᠠᠬᠤ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠴᠡᠭ﹀ ᠤᠨ ᠢᠷᠠᠭᠤ ᠠᠯᠳᠠᠷ ᠢ ᠣᠯᠤᠭᠰᠠᠨ ᠨᠢ ᠮᠠᠨ ᠤ ᠠᠵᠢᠯ ᠢ ᠨᠤᠲᠠᠯᠠᠵᠤ ᠪᠠᠶᠢᠭ᠎ᠠ ᠮᠦᠷᠳᠡᠭᠡᠨ ᠨᠡᠩ ᠴᠤ ᠪᠢᠳᠡᠨ ᠳᠤ ᠱᠠᠭᠠᠷᠳᠠᠯᠭ᠎ᠠ ᠲᠠᠯᠪᠢᠵᠤ ᠪᠠᠶᠢᠭ᠎ᠠ ᠶᠠᠪᠤᠳᠠᠯ ᠮᠥᠨ᠂ ᠪᠢᠳᠡ ᠨᠡᠩ ᠢᠯᠡᠭᠦᠦ ᠴᠢᠷᠮᠠᠶᠢᠨ ᠠᠵᠢᠯᠯᠠᠵᠤ᠂ ᠪᠦᠬᠦ ᠠᠵᠢᠯᠲᠠᠳ ᠯᠸᠢ ᠹᠧᠩ ᠠᠴᠠ ᠪᠠᠶᠢᠩᠭᠤ ᠰᠤᠷᠤᠯᠴᠠᠵᠤ᠂ ᠪᠦᠬᠦ ᠲᠠᠯ᠎ᠠ ᠰᠤᠷᠤᠯᠴᠠᠬᠤ ᠪᠠᠷ ᠴᠢᠷᠮᠠᠶᠢᠬᠤ ᠬᠡᠷᠡᠭᠲᠡᠢ︾ ᠭᠡᠵᠦ ᠪᠠᠶᠠᠷᠲᠠᠶᠢᠬᠠᠨ ᠶᠠᠷᠢᠵᠤ ᠪᠠᠶᠢᠯ᠎ᠠ᠃
     ᠪᠣᠭᠳᠠ ᠠᠭᠤᠯᠠ ᠶᠢᠨ ᠬᠢᠯᠢ ᠶᠢᠨ ᠲᠣᠮᠢᠯᠠᠭᠰᠠᠨ ᠰᠠᠯᠪᠤᠷᠢ ᠨᠢ ᠵᠡᠭᠦᠨ ᠦᠵᠦᠮᠦᠴᠢᠨ ᠬᠤᠰᠢᠭᠤᠨ ᠤ ᠵᠡᠭᠦᠨ ᠬᠡᠰᠡᠭ ᠳᠠᠬᠢ ᠪᠣᠭᠳᠠ ᠠᠭᠤᠯᠠ ᠶᠢᠨ ᠣᠶ ᠰᠢᠭᠤᠶ ᠶᠢᠨ ᠲᠠᠯᠠᠪᠠᠶ ᠳᠤ ᠪᠠᠶᠢᠷᠢᠯᠠᠵᠤ᠂ ᠰᠢᠯᠢ ᠶᠢᠨ ᠭᠤᠤᠯ ᠤᠨ ᠬᠢᠯᠢ  ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠴᠣᠷ ᠤᠨ ᠭᠠᠭᠴᠠ ᠰᠢᠭᠤᠶᠢᠲᠤ ᠣᠷᠣᠨ ᠳᠤ ᠪᠠᠶᠢᠭ᠎ᠠ ᠬᠢᠯᠢ ᠶᠢᠨ ᠲᠣᠮᠢᠯᠠᠭᠰᠠᠨ ᠰᠠᠯᠪᠤᠷᠢ ᠪᠣᠯᠤᠨ᠎ᠠ᠂ ᠬᠠᠷᠢᠶ᠎ᠠ ᠣᠷᠣᠨ ᠤ ᠶᠡᠷᠦᠩᠬᠡᠶ ᠲᠠᠯᠠᠪᠠᠶ ᠨᠢ 119.3 ᠲᠦᠮᠡᠨ ᠮᠥ᠂ ᠡᠭᠦᠨ ᠳᠤ ᠣᠶᠢᠲᠤ ᠭᠠᠵᠠᠷ ᠤᠨ ᠲᠠᠯᠠᠪᠠᠶ ᠨᠢ 65.76 ᠲᠦᠮᠡᠨ ᠮᠥ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠨᠢ        55.12 % ᠪᠠᠶᠢᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠨᠡᠶᠢᠲᠡ 493 ᠬᠥᠮᠦᠨ ᠲᠠᠢ᠂ 40.86 ᠺᠢᠯᠣᠮᠧᠲᠷ ᠣᠷᠳᠣ ᠬᠢᠯᠢ ᠶᠢᠨ ᠱᠤᠭᠤᠮ ᠲᠠᠢ᠃  ᠲᠤᠰ ᠲᠣᠮᠢᠯᠠᠭᠰᠠᠨ ᠰᠠᠯᠪᠤᠷᠢ ᠶᠢᠨ 11 ᠠᠷᠠᠳ ᠤᠨ ᠴᠠᠭᠳᠠᠭ᠎ᠠ  ᠶᠢᠨ ᠳᠤᠮᠳᠠᠴᠢ ᠨᠠᠰᠤ ᠨᠢ 30 ᠪᠠᠶᠢᠵᠤ᠂ ᠲᠡᠳᠡ ᠪᠤᠳᠠᠳᠤ ᠠᠵᠢᠯᠯᠠᠭ᠎ᠠ ᠪᠠᠷ ᠢᠶᠠᠨ ᠠᠳᠡᠬᠢ ᠰᠠᠭᠤᠭᠠᠯᠢ ᠠᠷᠠᠳ   ᠤᠨ ᠬᠠᠮᠤᠭ ᠤᠨ ᠢᠲᠡᠭᠡᠯᠲᠡᠶ ᠬᠦᠮᠦᠰ ᠪᠤᠯᠵᠠᠭᠠᠵᠠᠢ᠃
     ᠠᠵᠢᠯ ᠤᠨ ᠬᠡᠷᠡᠭᠴᠡᠭᠡ ᠠᠴᠠ ᠪᠣᠯᠵᠣ᠂ 2023 ᠣᠨ ᠤ 12 ᠰᠠᠷ᠎ᠠ ᠳᠤ᠂ ᠪᠣᠭᠳᠠ ᠠᠭᠤᠯᠠ ᠶᠢᠨ ᠬᠢᠯᠢ  ᠶᠢᠨ ᠲᠣᠮᠢᠯᠠᠭᠰᠠᠨ ᠰᠠᠯᠪᠤᠷᠢ ᠨᠢ ᠤᠤᠯ ᠤᠨ ᠠᠭᠤᠯᠠᠨ ᠬᠤᠷᠮᠣᠶ ᠠᠴᠠ ᠠᠭᠤᠯᠠᠨ ᠳᠡᠭᠡᠷᠡᠬᠢ ᠴᠡᠩᠭᠡᠯᠲᠡᠶ ᠶᠢᠨ ᠰᠠᠭᠤᠭᠠᠯᠢ ᠠᠷᠠᠳ ᠤᠨ ᠳᠤᠭᠤᠶᠢᠯᠠᠩ ᠳᠤ ᠨᠡᠭᠦᠵᠦ ᠣᠴᠢᠵᠠᠶ᠃
     ᠪᠣᠭᠳᠠ ᠠᠭᠤᠯᠠ ᠶᠢᠨ ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠨᠠᠷ  ᠬᠠᠷᠢᠶ᠎ᠠ ᠤᠷᠤᠨ ᠤ ᠰᠠᠭᠤᠭᠠᠯᠢ ᠠᠷᠠᠳ ᠤᠨ ᠬᠦᠴᠢᠷᠳᠡᠯ ᠢ ᠦᠷᠭᠦᠯᠵᠢ ᠬᠠᠪᠰᠤᠷᠤᠨ ᠰᠢᠢᠳᠪᠦᠷᠢᠯᠡᠵᠦ᠂ ᠲᠡᠳᠡᠨ ᠤ ᠡᠷᠡᠭᠡᠯᠵᠡᠭᠡ ᠶᠢ ᠨᠢ ᠳᠡᠶᠢᠯᠵᠦ ᠥᠭᠳᠡᠭ᠂ ᠵᠠᠷᠢᠮ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠵᠥᠷᠢᠴᠡᠯ ᠵᠢᠭᠤᠷᠠᠭᠠᠨ ᠢ ᠴᠦ ᠡᠶᠡᠳᠡᠭᠦᠯᠵᠦ ᠪᠠᠶᠢᠳᠠᠭ᠃ ᠲᠡᠳᠡ ᠪᠠᠰᠠ 38 ᠺᠢᠯᠣᠮᠧᠲᠷ ᠤᠨ ᠭᠠᠳᠠᠨᠠᠬᠢ ᠲᠦᠷᠭᠡᠨ ᠬᠦᠷᠭᠡᠯᠲᠡ ᠶᠢᠨ ᠦᠷᠲᠡᠭᠡ ᠠᠴᠠ ᠰᠠᠭᠤᠭᠠᠯᠢ ᠠᠷᠠᠳ ᠤᠨ ᠲᠦᠷᠭᠡᠨ ᠬᠦᠷᠭᠡᠯᠲᠡ ᠶᠢ ᠨᠢ ᠬᠠᠪᠰᠤᠷᠤᠨ ᠠᠪᠴᠤ ᠥᠭᠬᠦ ᠵᠡᠷᠭᠡ ᠮᠠᠰᠢ ᠣᠯᠠᠨ ᠲᠤᠰᠠᠷᠬᠠᠭ ᠠᠵᠢᠯ ᠢ ᠬᠢᠵᠦ ᠪᠠᠶᠢᠳᠠᠭ᠃
     ᠪᠣᠭᠳᠠ ᠠᠭᠤᠯᠠ ᠶᠢᠨ ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠨᠠᠷ ᠬᠢᠯᠢ ᠶᠢ ᠲᠣᠭᠲᠠᠪᠤᠷᠢᠵᠢᠭᠤᠯᠵᠤ ᠰᠡᠷᠭᠡᠶᠢᠯᠡᠯᠲᠡ ᠶᠢ ᠪᠠᠬᠢᠵᠢᠭᠦᠯᠬᠦ ᠡᠮᠦᠨ᠎ᠡ ᠹᠷᠣᠨᠲ ᠢ ᠢᠮᠠᠭᠲᠠ ᠪᠠᠲᠤ ᠰᠠᠬᠢᠵᠤ᠂ ᠣᠯᠠᠨ ᠲᠦᠮᠡᠨ ᠳᠤ ᠦᠶᠯᠡᠴᠢᠯᠡᠬᠦ ᠡᠮᠦᠨ᠎ᠡ ᠹᠷᠣᠨᠲ ᠲᠤ ᠡᠷᠴᠢ ᠵᠣᠷᠢᠭ ᠢᠶᠠᠨ ᠬᠥᠪᠴᠢᠯᠡᠨ᠂ ᠴᠥᠬᠦᠷᠡᠰᠢ ᠥᠬᠡᠶ         ᠵᠢᠳᠬᠦᠵᠦ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠯᠸᠢ ᠹᠧᠩ ᠤᠨ ᠥᠯᠢᠭᠡᠷ ᠢ ᠪᠢᠴᠢᠭᠯᠡᠭᠰᠡᠭᠡᠷ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号