ᠵᠡᠭᠦᠨ ᠬᠠᠲᠠᠪᠴᠢ ᠬᠢᠯᠢ ᠶᠢᠨ ᠪᠣᠭᠤᠮᠲᠠ ᠪᠠᠷ 8 ᠠᠴᠠ ᠳᠤᠷᠤᠭᠰᠢ ᠰᠠᠭᠤᠳᠠᠯ ᠲᠠᠢ ᠪᠠᠭ᠎ᠠ ᠬᠡᠯᠪᠡᠷᠢ ᠶᠢᠨ ᠮᠠᠰᠢᠨ ᠲᠡᠷᠭᠡ ᠪᠣᠭᠤᠮᠲᠠ ᠪᠠᠷ ᠥᠩᠭᠡᠷᠡᠬᠦ ᠶᠢ ᠰᠡᠷᠭᠦᠭᠡᠪᠡ
ᠨᠡᠶᠢᠲᠡᠯᠡᠭᠰᠡᠨ ᠴᠠᠭ᠄
2024/3/26
      3 ᠰᠠᠷ᠎ᠠ ᠶᠢᠨ 20  ᠤ ᠡᠳᠦᠷ᠂ ᠵᠡᠭᠦᠨ ᠬᠠᠲᠠᠪᠴᠢ ᠪᠣᠭᠤᠮᠲᠠ ᠪᠠᠷ 8 ᠠᠴᠠ ᠳᠤᠷᠤᠭᠰᠢ ᠰᠠᠭᠤᠳᠠᠯ ᠲᠠᠢ ᠪᠠᠭ᠎ᠠ ᠬᠡᠯᠪᠡᠷᠢ ᠶᠢᠨ ᠮᠠᠰᠢᠨ ᠲᠡᠷᠭᠡ ᠪᠣᠭᠤᠮᠲᠠ ᠪᠠᠷ ᠥᠩᠭᠡᠷᠡᠬᠦ ᠶᠢ ᠰᠡᠷᠭᠦᠭᠡᠪᠡ᠃ ᠵᠡᠭᠦᠨ ᠬᠠᠳᠠᠪᠴᠢ ᠪᠣᠭᠤᠮᠲᠠ ᠨᠢ ᠤᠯᠤᠰ ᠤᠨ ᠳᠣᠲᠤᠭᠠᠳᠤ ᠳᠤ ᠤᠮᠠᠷᠠᠲᠤ ᠣᠷᠣᠨ᠂ ᠵᠡᠭᠦᠨ ᠬᠤᠶᠢᠲᠤ ᠣᠷᠣᠨ ᠢ ᠨᠥᠯᠥᠭᠡᠯᠡᠨ᠂ ᠵᠡᠭᠦᠨ ᠪᠠᠷᠠᠭᠤᠨ ᠢ ᠬᠤᠯᠪᠣᠭᠰᠠᠨ᠂ ᠡᠮᠦᠨᠡᠲᠦ ᠤᠮᠠᠷᠠᠲᠤ ᠶᠢ ᠭᠤᠯᠳᠤ ᠪᠠᠷ ᠬᠤᠯᠪᠣᠭᠰᠠᠨ ᠭᠠᠵᠠᠷ ᠣᠷᠣᠨ ᠤ ᠣᠷᠣᠨ ᠪᠠᠶᠢᠷᠢ ᠶᠢᠨ ᠳᠠᠪᠠᠭᠤᠯᠢᠭ ᠲᠠᠢ᠂ ᠭᠠᠳᠠᠭᠰᠢ ᠠᠭᠤᠷᠬᠠᠢ ᠶᠢᠨ ᠭᠠᠷᠤᠯᠲᠠ ᠪᠠ ᠠᠮᠢᠲᠠᠨ ᠤᠷᠭᠤᠮᠠᠯ ᠤᠨ ᠡᠬᠢ ᠪᠠᠶᠠᠯᠢᠭ ᠢᠶᠠᠷ ᠲᠤᠶᠢᠯ ᠤᠨ ᠡᠯᠪᠡᠭ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ᠂ ᠳᠣᠷᠣᠨᠠᠲᠤ ᠠᠶᠢᠮᠠᠭ᠂ ᠬᠡᠨᠲᠡᠢ ᠠᠶᠢᠮᠠᠭ ᠲᠠᠢ ᠬᠢᠯᠢᠯᠡᠨ᠂ ᠮᠣᠩᠭᠤᠯ ᠤᠯᠤᠰ᠂ ᠣᠷᠣᠰ ᠵᠡᠷᠭᠡ ᠳᠣᠲᠣᠭᠠᠳᠤ ᠬᠠᠭᠤᠷᠠᠢ ᠶᠢᠨ ᠤᠯᠤᠰ ᠤᠳ ᠤᠨ ᠲᠡᠯᠡᠶ ᠳᠤ ᠨᠡᠪᠲᠡᠷᠡᠬᠦ ᠳᠥᠭᠦᠮ ᠳᠥᠲᠡ ᠭᠠᠷᠠᠮ ᠤᠨ ᠨᠢᠭᠡ ᠪᠣᠯᠬᠤ ᠪᠥᠭᠡᠳ ᠪᠡᠭᠡᠵᠢᠩ᠂ ᠲᠢᠶᠠᠨᠵᠢᠨ᠂ ᠲᠠᠩᠱᠠᠨ ᠣᠷᠣᠨ ᠠᠴᠠ ᠣᠷᠣᠰ᠂ ᠮᠣᠩᠭᠤᠯ ᠤᠯᠤᠰ ᠲᠤ ᠨᠡᠪᠲᠡᠷᠡᠬᠦ ᠬᠠᠮᠤᠭ ᠤᠨ ᠳᠥᠭᠦᠮ ᠳᠥᠲᠡ ᠵᠠᠮ ᠪᠣᠯᠣᠨ᠎ᠠ᠃      ᠡᠭᠦᠨ ᠠᠴᠠ ᠡᠮᠦᠨ᠎ᠡ 3 ᠰᠠᠷ᠎ᠠ ᠶᠢᠨ 13 ᠤ ᠡᠳᠦᠷ᠂ ᠵᠡᠭᠦᠨ ᠬᠠᠲᠠᠪᠴᠢ ᠪᠣᠭᠤᠮᠲᠠ ᠶᠢᠨ ᠰᠢᠨ᠎ᠡ ᠪᠠᠷ ᠪᠠᠶᠢᠭᠤᠯᠤᠭᠰᠠᠨ ᠪᠠᠷᠠᠭ᠎ᠠ ᠲᠡᠭᠡᠭᠡᠪᠦᠷᠢᠯᠡᠬᠦ ᠵᠠᠮ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠠᠶᠠᠨᠴᠢᠳ ᠪᠠ ᠪᠠᠷᠠᠭ᠎ᠠ ᠶᠢ ᠰᠠᠯᠭᠠᠬᠤ ᠶᠢ ᠪᠡᠶᠡᠯᠡᠭᠦᠯᠵᠦ᠂ 8 ᠠᠴᠠ ᠳᠤᠷᠤᠭᠰᠢ ᠰᠠᠭᠤᠳᠠᠯ ᠲᠠᠢ ᠪᠠᠭ᠎ᠠ ᠬᠡᠯᠪᠡᠷᠢ ᠶᠢᠨ ᠮᠠᠰᠢᠨ ᠲᠡᠷᠭᠡ ᠪᠣᠭᠤᠮᠲᠠ ᠥᠩᠭᠡᠷᠡᠬᠦ ᠳᠤ ᠨᠥᠬᠦᠴᠡᠯ ᠬᠠᠩᠭᠠᠭᠰᠠᠨ ᠪᠠᠶᠢᠨ᠎ᠠ᠃      ᠵᠡᠭᠦᠨ ᠬᠠᠲᠠᠪᠴᠢ ᠪᠣᠭᠤᠮᠲᠠ ᠪᠠᠷ 8 ᠠᠴᠠ ᠳᠤᠷᠤᠭᠰᠢ ᠰᠠᠭᠤᠳᠠᠯ ᠲᠠᠢ ᠪᠠᠭ᠎ᠠ ᠬᠡᠯᠪᠡᠷᠢ ᠶᠢᠨ ᠮᠠᠰᠢᠨ ᠲᠡᠷᠭᠡ ᠨᠡᠪᠲᠡᠷᠡᠬᠦ ᠶᠢ ᠰᠡᠷᠭᠦᠬᠡᠭᠰᠡᠨ ᠨᠢ ᠰᠢᠯᠢ ᠶᠢᠨ ᠭᠤᠣᠯ ᠠᠶᠢᠮᠠᠭ ᠪᠣᠯᠣᠨ ᠮᠣᠩᠭᠤᠯ ᠤᠯᠤᠰ ᠤᠨ ᠬᠥᠷᠰᠢ ᠵᠡᠷᠭᠡᠯᠡᠳᠡᠭᠡ ᠭᠠᠵᠠᠷ ᠣᠷᠣᠨ ᠤ ᠰᠣᠶᠣᠯ ᠢᠷᠭᠡᠨᠰᠢᠯ ᠤᠨ ᠰᠣᠯᠢᠯᠴᠠᠭ᠎ᠠ᠂ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ᠂ ᠬᠢᠯᠢ ᠠᠯᠤᠰᠯᠠᠭᠰᠠᠨ ᠵᠢᠭᠤᠯᠴᠢᠯᠠᠯ ᠵᠡᠷᠭᠡ ᠡᠯ᠎ᠡ ᠬᠦᠷᠢᠶᠡᠨ ᠤ ᠭᠦᠨᠵᠡᠭᠡᠢ ᠬᠠᠮᠲᠤᠷᠠᠯᠴᠠᠭ᠎ᠠ ᠶᠢ ᠬᠦᠴᠦᠲᠡᠢ        ᠠᠬᠢᠭᠤᠯᠵᠤ᠂ ᠭᠠᠳᠠᠭᠠᠳᠤ ᠯᠤᠭ᠎ᠠ ᠶᠢᠨ ᠰᠣᠯᠢᠯᠴᠠᠭ᠎ᠠ᠂ ᠭᠠᠳᠠᠭᠠᠳᠤ ᠨᠡᠭᠡᠭᠡᠯᠲᠡ ᠶᠢ ᠴᠢᠨᠠᠭᠰᠢᠳᠠ ᠴᠢᠩᠭᠠᠳᠬᠠᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠰᠢᠨ᠎ᠡ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号