12 ᠳ᠋ᠤᠭᠠᠷ ᠰᠠᠷ᠎ᠠ ᠳᠤ ᠵᠡᠭᠦᠨ ᠦᠵᠦᠮᠦᠴᠢᠨ ᠬᠤᠰᠢᠭᠤᠨ ᠤ ᠪᠥᠬᠦ ᠬᠤᠰᠢᠭᠤᠨ ᠤ ᠴᠢᠬᠤᠯᠠ ᠵᠠᠰᠠᠭ ᠤᠨ ᠶᠠᠪᠤᠳᠠᠯ ᠤᠨ ᠠᠵᠢᠯᠯᠠᠭ᠎ᠠ
ᠨᠡᠶᠢᠲᠡᠯᠡᠭᠰᠡᠨ ᠴᠠᠭ᠄
2024/3/26
      12 ᠰᠠᠷ᠎ᠠ ᠶᠢᠨ 1 ᠤ ᠡᠳᠦᠷ   ᠵᠡᠭᠦᠨ ᠦᠵᠦᠮᠦᠴᠢᠨ ᠬᠤᠰᠢᠭᠤᠨ ᠳᠤ 2023 ᠣᠨ ᠤ ᠶᠠᠳᠠᠭᠤ ᠠᠴᠠ ᠠᠩᠭᠢᠵᠢᠷᠠᠭᠤᠯᠬᠤ ᠬᠦᠴᠢᠷ ᠠᠰᠠᠭᠤᠳᠠᠯ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠤᠨ ᠪᠣᠯᠪᠠᠰᠤᠷᠠᠯ ᠤᠨ ᠬᠤᠷᠠᠯ ᠬᠢᠵᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠬᠤᠷᠠᠯ ᠢ ᠡᠷᠭᠢᠯᠡᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠰᠡᠴᠡᠨ ᠨᠠᠷ ᠬᠤᠷᠠᠯ ᠳᠤ ᠣᠷᠣᠯᠴᠠᠪᠡ᠃ ᠬᠤᠷᠠᠯ ᠠᠴᠠ ᠱᠠᠭᠠᠷᠳᠠᠭᠰᠠᠨ ᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯ ︽ᠱᠦᠵᠢ ᠶᠢᠨ ᠢᠨᠵᠧᠨᠧᠷᠢᠩ︾ ᠮᠥᠨ᠂ ᠨᠠᠩ ᠴᠤ ᠪᠥᠬᠦ ᠬᠤᠰᠢᠭᠤᠨ ᠤ ᠮᠠᠯᠴᠢᠨ ᠲᠦᠮᠡᠨ ᠤ ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠢ ᠬᠤᠯᠪᠣᠭᠳᠠᠬᠤ ᠰᠢᠰᠲ᠋ᠧᠮᠲᠦ ᠴᠢᠨᠠᠷᠲᠠᠢ ᠢᠨᠵᠧᠨᠧᠷᠢᠩ ᠮᠥᠨ᠃ ᠡᠯ᠎ᠡ ᠭᠠᠵᠠᠷ ᠣᠷᠤᠨ᠂ ᠡᠯ᠎ᠡ ᠰᠠᠯᠠᠭ᠎ᠠ ᠮᠥᠴᠢᠷ ᠤᠨ ᠬᠢᠨ ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠠᠵᠠ ᠲᠣᠬᠢᠶᠠᠯ ᠪᠣᠯᠭᠠᠵᠤ᠂ ᠦᠨᠡᠨᠬᠦ ᠤᠯᠤᠰ ᠲᠥᠷᠥ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ ᠥᠨᠳᠥᠷᠴᠡ ᠳᠤ ᠵᠣᠭᠰᠣᠨ᠂ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠳᠡᠭᠡᠷ᠎ᠡ ᠱᠠᠲᠤᠨ ᠤ ᠬᠢᠨᠠᠨ ᠰᠢᠯᠭᠠᠵᠤ ᠦᠨᠡᠯᠡᠨ ᠵᠢᠱᠢᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠢᠭᠡᠳ ᠨᠢᠭᠡ ᠪᠠᠷ ᠬᠠᠷᠭᠤᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠢ ᠨᠠᠶᠢᠳᠠᠪᠤᠷᠢᠵᠢᠭᠤᠯᠬᠤ᠂ ᠦᠷ᠎ᠡ ᠪᠦᠲᠦᠮᠵᠢ ᠶᠢ ᠪᠠᠬᠢᠵᠢᠭᠦᠯᠬᠦ ᠵᠡᠷᠭᠡ ᠳᠥᠷᠪᠡᠨ ᠲᠠᠯ᠎ᠠ ᠶᠢᠨ ᠠᠵᠢᠯ ᠢ ᠴᠢᠩᠭᠠᠳᠬᠠᠬᠤ ᠬᠡᠷᠡᠭᠲᠡᠢ᠃ ᠪᠥᠬᠦ ᠬᠤᠰᠢᠭᠤᠨ ᠤ ᠠᠵᠢᠯ ᠬᠥᠳᠡᠯᠮᠦᠷᠢ ᠠᠵᠢᠯ ᠣᠯᠭᠤᠯᠲᠠ ᠶᠢᠨ ᠮᠡᠳᠡᠭᠡ ᠵᠠᠩᠭᠢ ᠶᠢ ᠴᠤᠭᠯᠠᠭᠤᠯᠬᠤ ᠶᠠᠰᠤ ᠴᠢᠨᠠᠷ ᠥᠨᠳᠥᠷ ᠪᠢᠰᠢ᠂ ᠡᠷᠦᠬᠡ ᠶᠢᠨ ᠵᠣᠷᠯᠣᠩ ᠤᠨ ᠬᠠᠮᠢᠶᠠᠷᠤᠯᠲᠠ ᠵᠢᠴᠢ ᠬᠡᠷᠡᠭᠯᠡᠯᠲᠡ ᠶᠢᠨ ᠠᠰᠠᠭᠤᠳᠠᠯ ᠮᠥᠨ ᠬᠦ ᠣᠷᠣᠰᠢᠵᠤ ᠪᠠᠶᠢᠭ᠎ᠠ ᠠᠰᠠᠭᠤᠳᠠᠯ ᠪᠠ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠳᠤᠲᠠᠭᠤ ᠶᠢ ᠪᠠᠶᠢᠴᠠᠭᠠᠨ ᠨᠥᠬᠦᠪᠦᠷᠢᠯᠡᠵᠦ᠂ ᠵᠦᠢᠯ ᠳᠠᠷᠠᠭᠠᠯᠠᠨ ᠲᠠᠩᠰᠠ ᠶᠢ ᠬᠠᠷᠭᠤᠭᠤᠯᠵᠤ᠂ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠪᠡ᠃      ★ 12 ᠰᠠᠷ᠎ᠠ ᠶᠢᠨ 4 ᠤ ᠡᠳᠦᠷ ᠠᠴᠠ 8 ᠤ ᠡᠳᠦᠷ ᠪᠣᠯᠲᠠᠯ᠎ᠠ   ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠧᠦ ᠢᠦᠢ ᠯᠦᠩ ᠪᠦᠯᠬᠦᠮ ᠳᠠᠭᠠᠭᠤᠯᠤᠨ ᠵᠡᠭᠦᠨ ᠬᠠᠲᠠᠪᠴᠢ ᠪᠣᠭᠤᠮᠲᠠ ᠪᠠᠷ ᠬᠢᠯᠢ ᠠᠴᠠ ᠭᠠᠷᠴᠤ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ ᠪᠠ ᠤᠯᠠᠭᠠᠨᠪᠠᠭᠠᠲᠤᠷ ᠬᠤᠲᠠ ᠳᠤ ᠠᠶᠢᠯᠴᠢᠯᠠᠪᠠ᠃ ᠠᠶᠢᠯᠴᠢᠯᠠᠯᠲᠠ ᠶᠢᠨ ᠪᠦᠯᠬᠦᠮ ᠤᠷᠢᠳ ᠬᠤᠵᠢᠳ ᠮᠣᠩᠭᠤᠯ ᠤᠯᠤᠰ ᠤᠨ ᠪᠢᠴᠢᠭᠲᠦ ᠪᠣᠭᠤᠮᠲᠠ ᠶᠢᠨ ᠤᠳᠤ ᠶᠢᠨ ᠪᠠᠶᠢᠭ᠎ᠠ ᠬᠠᠮᠲᠤᠷᠠᠨ ᠪᠠᠶᠢᠴᠠᠭᠠᠬᠤ ᠲᠣᠭᠤᠷᠢᠭ᠂ ᠨᠡᠭᠦᠷᠡᠰᠦᠨ ᠤ ᠬᠢᠨᠠᠯᠲᠠ ᠬᠠᠮᠢᠶᠠᠷᠤᠯᠲᠠ ᠶᠢᠨ ᠲᠠᠯᠠᠪᠤᠷ᠂ ᠲᠡᠵᠢᠭᠡᠯ ᠡᠪᠡᠰᠦᠨ ᠤ ᠬᠢᠵᠢᠭ ᠪᠠᠶᠢᠴᠠᠭᠠᠬᠤ ᠲᠣᠭᠤᠷᠢᠭ ᠵᠢᠴᠢ ᠰᠢᠨ᠎ᠡ ᠪᠠᠷ ᠲᠥᠯᠥᠪᠵᠢᠭᠦᠯᠦᠨ ᠪᠦᠲᠦᠭᠡᠨ ᠪᠠᠶᠢᠭᠤᠯᠵᠤ ᠪᠠᠶᠢᠭ᠎ᠠ ᠵᠠᠰᠠᠮᠠᠯ ᠵᠠᠮ ᠤᠨ ᠬᠠᠮᠲᠤᠷᠠᠨ ᠪᠠᠶᠢᠴᠠᠭᠠᠬᠤ ᠲᠣᠭᠤᠷᠢᠭ᠂ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠳᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃ ᠳᠠᠷᠠᠭ᠎ᠠ ᠨᠢ᠂ ᠮᠣᠩᠭᠤᠯ ᠤᠯᠤᠰ ᠤᠨ ᠡᠷᠳᠡᠨᠢᠴᠠᠭᠠᠨ ᠰᠤᠮᠤ ᠪᠣᠯᠣᠨ ᠰᠦᠬᠡᠪᠠᠭᠠᠲᠤᠷ ᠠᠶᠢᠮᠠᠭ ᠤᠨ ᠵᠠᠰᠠᠭ ᠤᠨ ᠣᠷᠳᠣᠨ ᠲᠠᠢ ᠲᠤᠰ ᠲᠤᠰ ᠠᠭᠤᠯᠵᠠᠯᠲᠠ ᠬᠢᠵᠦ᠂ ᠬᠤᠶᠠᠷ ᠲᠠᠯ᠎ᠠ ᠶᠢᠨ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠡᠪᠡᠰᠦ ᠪᠣᠷᠳᠤᠭ᠎ᠠ ᠠᠮᠢᠳᠤ ᠮᠠᠯ ᠢ ᠭᠠᠳᠠᠭᠠᠳᠤ ᠠᠴᠠ ᠣᠷᠣᠭᠤᠯᠬᠤ᠂ ᠬᠢᠯᠢ ᠠᠯᠤᠰᠯᠠᠭᠰᠠᠨ ᠵᠤᠭᠠᠴᠠᠯ᠂ ᠬᠢᠯᠢ ᠬᠢᠵᠠᠭᠠᠷ ᠤᠨ ᠨᠤᠲᠤᠭ ᠪᠡᠯᠴᠢᠭᠡᠷ ᠢ ᠰᠡᠷᠭᠡᠶᠢᠯᠡᠨ ᠭᠠᠯ ᠤᠨᠲᠠᠷᠠᠭᠠᠬᠤ᠂ ᠨᠥᠬᠦᠷᠰᠡᠭ ᠬᠤᠳᠠ ᠶᠢ ᠪᠠᠶᠢᠭᠤᠯᠬᠤ ᠵᠡᠷᠭᠡ ᠲᠠᠯ᠎ᠠ ᠪᠠᠷ ᠭᠦᠨᠵᠡᠭᠡᠢ ᠰᠤᠳᠤᠯᠤᠨ ᠶᠠᠷᠢᠯᠴᠠᠪᠠ᠃ ᠠᠶᠢᠯᠴᠢᠯᠠᠯᠲᠠ ᠶᠢᠨ ᠬᠤᠭᠤᠴᠠᠭᠠᠨ ᠳᠤ᠂ ᠠᠶᠢᠯᠴᠢᠯᠠᠯᠲᠠ ᠶᠢᠨ ᠪᠦᠯᠬᠦᠮ ᠤᠨ ᠬᠢᠨ ᠪᠠᠰᠠ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ ᠤᠨ ᠴᠠᠬᠢᠭᠤᠷᠲᠤ ᠲᠡᠮᠦᠷ ᠤᠨ ᠠᠭᠤᠷᠬᠠᠢ᠂ ᠲᠡᠮᠦᠷᠲᠦ ᠶᠢᠨ ᠣᠪᠣᠭ᠎ᠠ ᠴᠠᠶᠢᠷ ᠤᠨ ᠠᠭᠤᠷᠬᠠᠢ ᠵᠡᠷᠭᠡ ᠠᠭᠤᠷᠬᠠᠢ ᠶᠢᠨ ᠠᠵᠤ ᠠᠬᠤᠶᠢᠯᠠᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ᠂ ᠭᠠᠳᠠᠭᠠᠳᠤ ᠶᠠᠪᠤᠳᠠᠯ ᠪᠠ ᠪᠣᠭᠤᠮᠲᠠ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤ ᠠᠶᠢᠯᠴᠢᠯᠠᠪᠠ᠃      12 ᠰᠠᠷ᠎ᠠ ᠶᠢᠨ 8 ᠤ ᠡᠳᠦᠷ   ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠦᠷᠢᠶᠡᠳᠦᠨᠠᠭᠤᠷ ᠰᠤᠮᠤ ᠳᠤ ᠭᠦᠨᠵᠡᠭᠡᠶᠢᠷᠡᠨ ᠭᠤᠣᠯ ᠰᠡᠳᠦᠪᠲᠦ ᠰᠤᠷᠭᠠᠨ ᠬᠥᠮᠦᠵᠢᠯ᠂ ᠠᠶᠤᠯᠭᠦᠢ ᠦᠢᠯᠡᠳᠪᠦᠷᠢᠯᠡᠯ᠂ ᠡᠪᠡᠰᠦ ᠪᠣᠷᠳᠤᠭ᠎ᠠ ᠶᠢᠨ ᠨᠥᠭᠡᠴᠡᠯᠡᠯ᠂ ᠪᠠᠴᠢᠮ ᠪᠠᠶᠢᠳᠠᠯ ᠢ ᠠᠷᠭᠠᠴᠠᠵᠤ ᠭᠠᠮᠰᠢᠭ ᠢ ᠡᠰᠡᠷᠭᠦᠴᠡᠬᠦ ᠵᠢᠴᠢ ᠦᠨᠳᠦᠰᠦᠨ ᠱᠠᠲᠤᠨ ᠤ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠲᠦᠭᠡᠮᠡᠯᠵᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠪᠠ᠃ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠸᠠᠩ ᠬᠤᠩ ᠶᠠᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠴᠠᠩ ᠵᠧᠩ᠂ ᠰᠡᠴᠡᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ ᠬᠢᠩᠭᠠᠨ ᠵᠡᠷᠭᠡ ᠬᠥᠮᠥᠰ ᠤᠷᠢᠳ ᠬᠤᠵᠢᠳ ᠬᠦᠷᠢᠶᠡᠳᠦᠨᠠᠭᠤᠷ ᠰᠤᠮᠤ ᠶᠢᠨ ᠬᠦᠲᠦᠯᠬᠤᠪᠤᠭ᠎ᠠ ᠭᠠᠴᠠᠭ᠎ᠠ ᠶᠢᠨ ᠮᠠᠯᠴᠢᠨ ᠢᠯᠠᠯᠲᠠ ᠶᠢᠨ ᠭᠡᠷ ᠪᠣᠯᠣᠨ ᠬᠡᠷᠡᠯᠳᠦ ᠭᠠᠴᠠᠭ᠎ᠠ ᠶᠢᠨ ᠮᠠᠯᠴᠢᠨ ᠳᠠᠪᠰᠢᠯᠲᠤ ᠶᠢᠨ ᠳᠤ ᠬᠦᠷᠴᠦ᠂ ᠡᠪᠦᠯ ᠤᠨ ᠤᠯᠠᠷᠢᠯ ᠤᠨ ᠡᠪᠡᠰᠦ ᠪᠣᠷᠳᠤᠭ᠎ᠠ ᠶᠢᠨ ᠨᠥᠭᠡᠴᠡᠯᠡᠯᠲᠡ ᠶᠢᠨ ᠪᠠᠶᠢᠳᠠᠯ᠂ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠵᠢᠴᠢ ᠴᠠᠰᠤᠨ ᠤ ᠨᠥᠯᠥᠭᠡ ᠠᠴᠠ ᠪᠣᠯᠤᠭᠰᠠᠨ ᠬᠦᠴᠢᠷᠳᠡᠯ ᠢ ᠨᠠᠷᠢᠨ ᠣᠶᠢᠯᠠᠭᠠᠪᠠ᠃ ᠬᠢᠩᠭᠠᠨ ᠴᠢᠬᠤᠯᠠᠴᠢᠯᠠᠬᠤ ᠳᠠᠭᠠᠨ᠂ ᠴᠠᠰᠤᠨ ᠤ ᠨᠥᠯᠥᠭᠡ ᠨᠡᠯᠢᠶᠡᠳ ᠬᠦᠨᠳᠦ ᠭᠠᠵᠠᠷ ᠣᠷᠣᠨ ᠤ ᠮᠠᠯᠴᠢᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠠᠯᠵᠢᠬᠤ ᠣᠷᠣᠨ ᠤ ᠮᠠᠯᠴᠢᠳ ᠤᠨ ᠬᠡᠪ ᠤᠨ ᠦᠢᠯᠡᠳᠪᠦᠷᠢᠯᠡᠯ ᠠᠮᠢᠳᠤᠷᠠᠯ ᠢ ᠪᠠᠲᠤᠯᠠᠬᠤ ᠶᠢ ᠢᠮᠠᠭᠲᠠ ᠴᠠᠰᠤᠨ ᠤ ᠪᠠᠶᠢᠳᠠᠯ ᠢ ᠰᠢᠢᠳᠪᠦᠷᠢᠯᠡᠬᠦ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠭᠠᠮᠰᠢᠭ ᠤᠨ ᠪᠠᠶᠢᠳᠠᠯ ᠢ ᠲᠦᠷᠭᠡᠨ ᠮᠡᠳᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠭᠠᠮᠰᠢᠭ ᠢ ᠪᠠᠶᠢᠴᠠᠭᠠᠬᠤ᠂ ᠭᠠᠮᠰᠢᠭ ᠢ ᠬᠠᠷᠭᠤᠭᠤᠯᠬᠤ᠂ ᠭᠠᠮᠰᠢᠭ ᠢ ᠮᠡᠳᠡᠭᠦᠯᠬᠦ᠂ ᠭᠠᠮᠰᠢᠭ ᠠᠴᠠ ᠠᠪᠤᠷᠠᠬᠤ ᠶᠢ ᠴᠠᠭ ᠲᠤᠬᠠᠢ ᠳᠤᠨᠢ ᠪᠡᠶᠡᠯᠡᠭᠦᠯᠬᠦ ᠬᠡᠷᠡᠭᠲᠡᠢ ᠭᠡᠵᠡᠢ᠃ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠬᠦᠴᠦᠯᠡᠨ ᠳᠡᠭᠡᠭᠰᠢᠯᠡᠭᠦᠯᠵᠦ᠂ ᠡᠪᠡᠰᠦ ᠪᠣᠷᠳᠤᠭ᠎ᠠ ᠶᠢ ᠲᠣᠬᠢᠷᠠᠭᠤᠯᠬᠤ᠂ ᠵᠠᠮ ᠨᠡᠪᠲᠡᠷᠡᠭᠦᠯᠭᠡ ᠶᠢ ᠪᠠᠲᠤᠯᠠᠬᠤ ᠪᠠ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠵᠡᠷᠭᠡ ᠠᠵᠢᠯ ᠢ ᠨᠢᠭᠡᠳᠦᠯᠲᠡᠢ ᠲᠦᠯᠦᠪᠵᠢᠭᠦᠯᠦᠨ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠵᠦ ᠭᠠᠮᠰᠢᠭ ᠤᠨ ᠬᠤᠬᠢᠷᠠᠯ ᠢ ᠪᠠᠭᠠᠰᠬᠠᠬᠤ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠬᠡᠪᠡ᠃      12 ᠰᠠᠷ᠎ᠠ ᠶᠢᠨ 13 ᠤ ᠡᠳᠦᠷ   ᠵᠡᠭᠦᠨ ᠦᠵᠦᠮᠦᠴᠢᠨ ᠬᠤᠰᠢᠭᠤᠨ ᠳᠤ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2023 ᠣᠨ ᠤ ᠠᠷᠪᠠᠨ ᠨᠢᠭᠡᠳᠦᠭᠡᠷ ᠤᠳᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠭᠲᠠᠮᠠᠯ ᠬᠤᠷᠠᠯ ᠵᠢᠴᠢ ᠪᠥᠬᠦ ᠬᠤᠰᠢᠭᠤᠨ ᠤ ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ ᠬᠤᠷᠠᠯ ᠡᠷᠭᠢᠯᠡᠵᠦ᠂ ᠬᠤᠰᠢᠭᠤ ᠵᠠᠰᠠᠭ ᠤᠨ ᠣᠷᠳᠣᠨ ᠤ ᠡᠯ᠎ᠡ ᠳᠡᠳ᠋ ᠬᠤᠰᠢᠭᠤ ᠳᠠᠷᠤᠭ᠎ᠠ᠂ ᠡᠯ᠎ᠡ ᠰᠤᠮᠤ ᠪᠠᠯᠭᠠᠰᠤ    ︵ᠲᠠᠯᠠᠪᠠᠶ︶ ᠶᠢᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ᠂ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ         ᠣᠷᠣᠯᠴᠠᠪᠡ᠃ ᠬᠤᠷᠠᠯ ᠠᠴᠠ᠂ ᠡᠯ᠎ᠡ ᠭᠠᠵᠠᠷ ᠣᠷᠤᠨ᠂ ᠡᠯ᠎ᠡ ᠰᠠᠯᠠᠭ᠎ᠠ ᠮᠥᠴᠢᠷ ᠤᠨ ᠬᠢᠨ ᠡᠨᠡ ᠡᠪᠦᠯ ᠢᠷᠡᠬᠦ ᠬᠠᠪᠤᠷ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠶᠢ ᠣᠳᠣᠬᠠᠨ ᠤ ᠭᠤᠣᠯᠳᠠᠯᠭ᠎ᠠ ᠲᠠᠢ ᠠᠵᠢᠯ ᠢᠶᠠᠨ       ᠪᠣᠯᠭᠠᠵᠤ᠂ ᠡᠷᠲᠡ ᠠᠴᠠ ᠲᠥᠯᠥᠪᠵᠢᠭᠦᠯᠵᠦ᠂ ᠡᠷᠲᠡ ᠠᠴᠠ ᠪᠠᠶᠢᠷᠢᠯᠠᠭᠤᠯᠵᠤ᠂ ᠡᠷᠲᠡ ᠠᠴᠠ ᠲᠣᠬᠢᠷᠠᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠬᠤ ᠬᠡᠷᠡᠭᠲᠡᠢ᠃ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠠᠵᠤ ᠠᠬᠤᠢ ᠶᠢᠨ ᠬᠥᠭᠵᠢᠯᠲᠡ ᠪᠠ ᠠᠶᠤᠯᠭᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃      12 ᠰᠠᠷ᠎ᠠ ᠶᠢᠨ 14 ᠤ ᠡᠳᠦᠷ   ᠵᠡᠭᠦᠨ ᠦᠵᠦᠮᠦᠴᠢᠨ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠴᠣᠭᠴᠠᠯᠠᠨ ᠪᠠᠶᠢᠭᠤᠯᠬᠤ ᠤᠬᠠᠮᠰᠠᠷ ᠢ ᠠᠬᠢᠭᠤᠯᠬᠤ ᠬᠤᠷᠠᠯ ᠢ ᠪᠠᠶᠢᠭᠤᠯᠬᠤ ᠶᠡᠭᠡ ᠬᠤᠷᠠᠯ ᠵᠢᠴᠢ ᠠᠩᠬᠠᠳᠤᠭᠠᠷ ᠤᠳᠠᠭᠠᠨ ᠤ ᠭᠡᠰᠢᠭᠦᠳ ᠤᠨ ᠶᠡᠭᠡ ᠬᠤᠷᠠᠯ ᠢ ᠬᠤᠷᠠᠯᠳᠤᠭᠤᠯᠵᠤ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠠᠯᠲᠠᠨᠪᠠᠭᠠᠨ᠎ᠠ ᠬᠤᠷᠠᠯ ᠳᠤ ᠣᠷᠣᠯᠴᠠᠪᠠ᠃ ᠬᠤᠷᠠᠯ ᠠᠴᠠ ᠱᠠᠭᠠᠷᠳᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ ᠡᠨᠡ ᠬᠦ ᠭᠤᠣᠯ ᠰᠢᠵᠢᠮ ᠢ ᠪᠠᠲᠤ ᠡᠵᠡᠮᠰᠢᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠤ ᠪᠠᠶᠠᠯᠢᠭ ᠠᠭᠤᠯᠬᠤᠨ ᠢ ᠭᠦᠢᠴᠡᠳ ᠠᠭᠤᠳᠠᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠭᠦᠨᠵᠡᠭᠡᠢ ᠰᠤᠳᠤᠯᠤᠨ ᠲᠠᠶᠢᠯᠪᠤᠷᠢᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠦᠢᠯᠡᠳᠦᠯᠭᠡ ᠠᠴᠠ ᠣᠶᠤᠨ ᠰᠠᠨᠠᠭᠠᠨ ᠤ ᠰᠢᠮ᠎ᠡ ᠲᠡᠵᠢᠭᠡᠯ ᠢ ᠰᠢᠩᠭᠡᠬᠡᠨ ᠠᠪᠴᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ︽ᠭᠤᠷᠪᠠᠨ ᠰᠠᠯᠵᠤ ᠴᠢᠳᠠᠬᠤ ᠦᠭᠡᠢ︾ ︽ᠲᠠᠪᠤᠨ ᠬᠠᠮᠲᠤ ᠶᠢᠨ ᠲᠠᠨᠢᠯᠲᠠ︾  ᠶᠢᠨ ᠣᠶᠢᠯᠠᠭᠠᠭᠳᠠᠬᠤᠨ ᠢ ᠤᠯᠠᠮ ᠨᠢᠭᠡ ᠠᠯᠬᠤᠮ ᠪᠠᠲᠤ ᠪᠠᠬᠢ ᠪᠣᠶ ᠪᠣᠯᠭᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠢ᠃ ᠠᠬᠢᠭᠤᠯᠬᠤ ᠬᠤᠷᠠᠯ ᠤᠨ ᠳᠠᠪᠠᠭᠤᠯᠢᠭ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠠᠷᠭ᠎ᠠ ᠵᠠᠮ᠂ ᠣᠯᠠᠨ ᠬᠦᠷᠢᠶ᠎ᠡ ᠴᠠᠷᠠᠭ᠎ᠠ᠂ ᠣᠯᠠᠨ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠡᠯ᠎ᠡ ᠲᠥᠷᠥᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠬᠢᠭᠤᠯᠬᠤ ᠨᠡᠶᠢᠭᠡᠮᠯᠢᠭ ᠤᠨ ᠡᠯ᠎ᠡ ᠲᠥᠷᠥᠯ ᠤᠨ ᠠᠵᠢᠯ ᠢ ᠡᠮᠬᠢ ᠴᠡᠭᠴᠡ ᠲᠠᠢ᠂ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠯᠭᠠᠬᠤ ᠠᠵᠢᠯ ᠢ ᠦᠨᠡᠨ ᠬᠦ ᠬᠡᠯᠪᠡᠷᠢ ᠲᠠᠢ᠂ ᠲᠥᠷᠥᠭᠳᠡᠯ ᠲᠠᠢ᠂ ᠪᠦᠲᠦᠮᠵᠢᠲᠡᠶ ᠪᠠᠷ ᠥᠷᠨᠢᠭᠦᠯᠵᠦ᠂ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠬᠦᠴᠦᠲᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      12 ᠰᠠᠷ᠎ᠠ ᠶᠢᠨ 18 ᠤ ᠡᠳᠦᠷ   ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠢ ᠲᠦᠯᠬᠢᠨ ᠠᠬᠢᠭᠤᠯᠬᠤ ᠬᠤᠷᠠᠯ ᠵᠢᠴᠢ ᠪᠦᠭᠦ ᠬᠤᠰᠢᠭᠤᠨ ᠤ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠡᠬᠢᠯᠡᠭᠦᠯᠦᠨ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠬᠢᠩᠭᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠪᠥᠭᠡᠳ ᠠᠯᠪᠠᠨ ᠭᠡᠷ ᠤᠨ ᠡᠷᠭᠢᠯᠡᠭᠴᠢ ᠵᠧᠦ ᠸᠧ ᠮᠢᠨ ᠬᠤᠷᠠᠯ ᠢ ᠡᠷᠬᠢᠯᠡᠪᠡ᠃ ᠬᠤᠰᠢᠭᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠵᠢᠴᠢ ᠡᠯ᠎ᠡ ᠪᠦᠷᠢᠯᠳᠦᠭᠦᠨ᠂ ᠬᠤᠰᠢᠭᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ᠂ ᠡᠯ᠎ᠡ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠤᠨ ᠳᠠᠷᠤᠭ᠎ᠠ᠂ ᠡᠯ᠎ᠡ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠨᠠᠮ ᠤᠨ ᠬᠤᠷᠢᠶ᠎ᠠ᠂ ᠬᠤᠰᠢᠭᠤ ᠰᠢᠭᠤᠳ ᠬᠠᠷᠢᠶ᠎ᠠ ︵ᠬᠤᠰᠢᠭᠤᠨ ᠳᠤ ᠰᠠᠭᠤᠭ᠎ᠠ︶ ᠡᠯ᠎ᠡ ᠨᠢᠭᠡᠴᠡ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ᠬᠤᠷᠠᠯ ᠠᠴᠠ ᠲᠥᠪ ᠤᠨ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠲᠣᠭᠤᠷᠢᠨ ᠵᠢᠯᠤᠭᠤᠳᠬᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠠᠵᠢᠯ ᠢ ᠠᠬᠢᠭᠤᠯᠬᠤ ᠬᠤᠷᠠᠯ᠂ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠲᠣᠭᠤᠷᠢᠨ ᠬᠢᠨᠠᠨ ᠵᠢᠯᠤᠭᠤᠳᠬᠤ ᠳᠤᠭᠤᠶᠢᠯᠠᠩ ᠤᠨ ᠮᠠᠨ ᠤ ᠬᠤᠰᠢᠭᠤᠨ ᠳᠤ ᠢᠷᠡᠵᠦ ᠬᠢᠨᠠᠨ ᠵᠢᠯᠤᠭᠤᠳᠬᠤ ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠳᠤ ᠵᠢᠭᠠᠵᠤ ᠭᠠᠷᠭᠠᠭᠰᠠᠨ ᠠᠰᠠᠭᠤᠳᠠᠯ ᠪᠣᠯᠣᠨ ᠪᠥᠬᠦ ᠠᠶᠢᠮᠠᠭ ᠤᠨ        ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠬᠠᠷᠠᠭᠠᠨ ᠳᠠᠪᠲᠠᠮᠵᠢ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠡᠮᠦᠨ᠎ᠡ ᠨᠢᠭᠡ ᠱᠠᠲᠤᠨ ᠤ ᠭᠤᠣᠯ ᠰᠡᠳᠦᠪᠲᠦ ᠰᠤᠷᠭᠠᠨ ᠬᠥᠮᠦᠵᠢᠯ ᠤᠨ ᠠᠵᠢᠯ ᠢ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠳᠤ ᠵᠠᠳᠠᠯᠤᠯᠲᠠ ᠬᠢᠵᠦ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ᠂ ᠪᠥᠬᠦ ᠬᠤᠰᠢᠭᠤᠨ ᠤ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠡᠬᠢᠯᠡᠭᠦᠯᠦᠨ ᠪᠠᠶᠢᠷᠢᠯᠠᠭᠤᠯᠪᠠ᠃      ★ 12 ᠰᠠᠷ᠎ᠠ ᠶᠢᠨ 19 ᠤ ᠡᠳᠦᠷ   ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ 2023 ᠣᠨ ᠤ 19 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠨ ᠬᠤᠷᠠᠯ ᠳᠤ ᠣᠷᠣᠯᠴᠠᠪᠠ᠃ ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠭᠤᠣᠯ ᠴᠢᠬᠤᠯᠠ ᠠᠭᠤᠯᠭ᠎ᠠ ᠪᠣᠯᠣᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠦᠨᠡᠨ ᠢᠲᠡᠭᠡᠵᠦ ᠦᠨᠡᠨ ᠪᠣᠳᠠᠲᠠᠢ ᠪᠠᠷ ᠬᠡᠷᠡᠭᠵᠢᠭᠦᠯᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ︽ᠨᠠᠢᠮᠠ ᠨᠠᠢᠮᠠ ᠶᠢᠨ ᠪᠠᠶᠢᠯᠳᠤᠬᠤ ᠪᠣᠳᠣᠯᠭ᠎ᠠ︾ ᠶᠢᠨ ᠠᠮᠢᠳᠤᠯᠢᠭ ᠦᠢᠯᠡᠳᠦᠯᠭᠡ ᠶᠢ ᠰᠤᠷᠤᠯᠴᠠᠨ ᠲᠣᠯᠢᠳᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠵᠡᠭᠦᠨ ᠦᠵᠦᠮᠦᠴᠢᠨ ᠬᠤᠰᠢᠭᠤᠨ ᠤ ᠣᠨᠴᠠᠯᠢᠭᠲᠤ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ︽ᠨᠠᠢᠮᠠ ᠶᠢ ᠪᠠᠷᠢᠮᠲᠠᠯᠠᠬᠤ︾ ᠶᠢᠨ ᠭᠤᠣᠯ ᠠᠭᠤᠯᠭ᠎ᠠ᠂ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃      12 ᠰᠠᠷ᠎ᠠ ᠶᠢᠨ 26 ᠤ ᠡᠳᠦᠷ ᠠᠴᠠ 28 ᠤ ᠡᠳᠦᠷ ᠪᠣᠯᠲᠠᠯ᠎ᠠ  ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠳᠥᠷᠪᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠶᠢ ᠡᠷᠬᠢᠯᠡᠵᠤ᠂ ᠪᠥᠬᠦ ᠬᠤᠰᠢᠭᠤᠨ ᠤ ᠭᠠᠵᠠᠷ ᠤᠨ ᠲᠠᠰ ᠤᠨ ᠤᠳᠤᠷᠢᠳᠬᠤ ᠺᠠᠳ᠋ᠷᠴᠤᠳ ᠢ ᠵᠣᠬᠢᠶᠠᠨ ᠪᠠᠶᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠭ ᠵᠣᠬᠢᠶᠠᠯ ᠢ ᠨᠢ ᠤᠩᠰᠢᠨ᠂ ᠤᠭ ᠵᠣᠬᠢᠶᠠᠯ ᠢ ᠨᠢ ᠰᠤᠷᠤᠯᠴᠠᠵᠤ᠂ ᠤᠭ ᠶᠣᠰᠣ ᠶᠢ ᠨᠢ ᠣᠶᠢᠯᠠᠭᠠᠵᠤ᠂ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠳᠤ ᠣᠨᠣᠯ ᠤᠨ ᠰᠠᠭᠤᠷᠢ ᠶᠢ ᠪᠠᠲᠤᠳᠬᠠᠨ᠂ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠠᠮᠵᠢᠯᠲᠠ ᠪᠦᠲᠦᠮᠵᠢ ᠭᠠᠷᠭᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠪᠡ᠃ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠬᠢᠩᠭᠠᠨ ᠨᠣᠮ ᠤᠩᠰᠢᠬᠤ ᠠᠩᠭᠢ ᠶᠢ ᠡᠷᠬᠢᠯᠡᠭᠰᠡᠨ ᠤ ᠬᠠᠮᠲᠤ ᠶᠠᠷᠢᠶ᠎ᠠ ᠲᠠᠯᠪᠢᠪᠠ᠃      12 ᠰᠠᠷ᠎ᠠ ᠶᠢᠨ 29 ᠤ ᠡᠳᠦᠷ   ᠵᠠᠮ ᠬᠠᠷᠢᠯᠴᠠᠭᠠᠨ ᠤ ᠬᠦᠢᠲᠡᠨ ᠪᠠ ᠬᠥᠯᠳᠡᠬᠦ ᠠᠴᠠ ᠰᠡᠷᠭᠡᠶᠢᠯᠡᠬᠦ ᠭᠠᠮᠰᠢᠭ ᠢ ᠠᠷᠭᠠᠴᠠᠬᠤ ᠠᠵᠢᠯ ᠵᠢᠴᠢ ︽ᠰᠢᠨ᠎ᠡ ᠵᠢᠯ᠂ ᠴᠠᠭᠠᠨ ᠰᠠᠷ᠎ᠠ︾ ᠶᠢᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 12 ᠰᠠᠷ᠎ᠠ ᠶᠢᠨ 29 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠵᠥᠪᠯᠡᠯ 2023 ᠣᠨ ᠤ ᠪᠦᠬᠦ ᠬᠤᠰᠢᠭᠤᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠵᠥᠪᠯᠡᠯ ᠤᠨ ᠬᠤᠶᠠᠳᠤᠭᠠᠷ ᠪᠥᠬᠦᠳᠡ ᠬᠤᠷᠠᠯ ᠵᠢᠴᠢ ︽ᠬᠤᠣᠰ ᠪᠠᠶᠠᠷ︾ ᠤᠨ ᠬᠤᠭᠤᠴᠠᠭᠠᠨ ᠳᠠᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠵᠠᠮ ᠬᠠᠷᠢᠯᠴᠠᠭᠠᠨ ᠤ ᠠᠮᠤᠷ ᠲᠦᠪᠰᠢᠨ ᠤ ᠵᠥᠪᠯᠡᠯ ᠤᠨ ᠡᠷᠬᠢᠯᠡᠭᠴᠢ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠺᠧ ᠰᠢᠶᠣᠣ ᠮᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠬᠡᠮ ᠰᠣᠭᠤᠭ ᠢ ᠪᠠᠶᠢᠴᠠᠭᠠᠬᠤ ᠠᠵᠢᠯ ᠢ ᠴᠢᠩᠬᠠᠣᠠᠬᠠᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠢ᠃ ᠮᠠᠭᠤ ᠴᠠᠭ ᠠᠭᠤᠷ ᠲᠤ ᠠᠮᠠᠷᠬᠠᠨ ᠨᠥᠯᠥᠭᠡᠯᠡᠭᠳᠡᠬᠦ ᠵᠠᠮ ᠤᠨ ᠬᠡᠰᠡᠭ᠂ ᠠᠳᠡᠯ ᠣᠯᠠᠨ ᠭᠠᠷᠳᠠᠭ ᠵᠠᠮ ᠤᠨ ᠬᠡᠰᠡᠭ᠂ ᠬᠤᠲᠠ ᠪᠠᠯᠭᠠᠰᠤ ᠶᠢᠨ ᠡᠷᠬᠢᠨ ᠲᠣᠭᠤᠷᠢᠨ ᠤ ᠵᠠᠮ ᠤᠨ ᠬᠡᠰᠡᠭ ᠲᠤ ᠠᠮᠤᠷ ᠲᠦᠪᠰᠢᠨ ᠤ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠵᠤ ᠵᠠᠰᠠᠵᠤ᠂ ᠠᠰᠠᠭᠤᠳᠠᠯ ᠤᠨ ᠬᠡᠮ ᠰᠣᠭᠤᠭ ᠢ ᠬᠥᠳᠡᠯᠦᠩᠭᠦᠢ ᠪᠠᠷ ᠠᠷᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠲᠤ᠂ ᠵᠠᠮ ᠬᠠᠷᠢᠯᠴᠠᠭᠠᠨ ᠤ ᠬᠠᠮᠢᠶᠠᠷᠤᠯᠲᠠ ᠡᠵᠡᠮᠳᠡᠯ ᠢ ᠴᠢᠩᠭ᠎ᠠ ᠠᠳᠬᠤᠵᠤ᠂ ᠭᠤᠣᠯᠳᠠᠯᠭ᠎ᠠ ᠲᠠᠢ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠬᠤ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠬᠤᠲᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠠᠷᠢᠬᠢ ᠤᠤᠭᠤᠵᠤ ᠲᠡᠷᠭᠡ ᠵᠢᠯᠤᠭᠤᠳᠬᠤ᠂ ᠰᠣᠭᠲᠣᠭᠤ ᠪᠠᠷ ᠲᠡᠷᠭᠡ ᠵᠢᠯᠤᠭᠤᠳᠬᠤ᠂ ᠳᠤᠷ᠎ᠠ ᠪᠠᠷ ᠢᠶᠠᠨ ᠵᠣᠭᠰᠣᠭᠠᠬᠤ᠂ ᠵᠠᠮ ᠡᠵᠡᠯᠡᠨ ᠡᠵᠡᠩᠨᠡᠬᠦ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠢᠯᠠᠩᠭᠤᠶ᠎ᠠ ᠵᠢᠭᠤᠯᠴᠢᠯᠠᠭᠴᠢᠳ ᠤᠨ ᠲᠡᠷᠭᠡ ᠠᠶᠠᠨᠴᠢᠳ ᠤᠨ ᠲᠡᠷᠭᠡ ᠠᠶᠣᠯᠲᠠᠢ ᠪᠣᠳᠠᠰ ᠢ ᠲᠡᠭᠡᠭᠡᠪᠦᠷᠢᠯᠡᠬᠦ ᠵᠡᠷᠭᠡ ᠭᠤᠣᠯᠳᠠᠯᠭ᠎ᠠ ᠲᠠᠢ ᠲᠡᠷᠭᠡ ᠬᠥᠰᠬᠡ ᠶᠢᠨ ᠬᠠᠤᠯᠢ ᠠᠴᠠ ᠵᠥᠷᠢᠴᠡᠭᠰᠡᠨ ᠲᠣᠪᠣᠶᠢᠮ᠎ᠠ ᠦᠶᠯᠡ ᠠᠵᠢᠯᠯᠠᠭ᠎ᠠ ᠶᠢ ᠪᠠᠶᠢᠴᠠᠭᠠᠨ ᠡᠵᠡᠮᠳᠡᠵᠦ᠂ ᠠᠮᠤᠷ ᠲᠦᠪᠰᠢᠨ ᠤ ᠳᠠᠯᠳᠠ ᠬᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠢ᠃ ᠭᠤᠷᠪᠠ ᠳᠤ᠂ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠤᠪᠴᠢᠲᠠᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠵᠠᠮ ᠤᠨ ᠰᠠᠭᠠᠳ ᠦᠭᠡᠢ ᠪᠥᠭᠡᠳ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠡᠪᠦᠯ ᠤᠨ ᠤᠯᠠᠷᠢᠯ ᠤᠨ ᠴᠠᠰᠤ ᠣᠷᠣᠬᠤ᠂ ᠠᠭᠠᠷ ᠤᠨ ᠳᠤᠯᠠᠭᠠᠨ ᠭᠡᠨᠡᠳᠲᠡ ᠳᠣᠷᠣᠭᠰᠢᠯᠠᠬᠤ ᠵᠡᠷᠭᠡ ᠮᠠᠭᠤ ᠠᠭᠤᠷ ᠠᠮᠢᠰᠬᠤᠯ ᠲᠠᠢ ᠤᠶᠠᠯᠳᠤᠭᠤᠯᠤᠨ᠂ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠵᠠᠮ ᠬᠠᠷᠢᠯᠴᠠᠭᠠᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠤᠲᠠ ᠶᠢᠨ ᠲᠣᠭᠤᠷᠢᠭ᠂ ᠤᠯᠤᠰ ᠤᠨ ᠪᠠ ᠮᠤᠵᠢ ᠶᠢᠨ ᠵᠠᠮ᠂ ᠮᠠᠯᠵᠢᠬᠤ ᠣᠷᠣᠨ ᠤ ᠵᠠᠮ ᠳᠡᠭᠡᠷ᠎ᠡ ᠬᠤᠷᠠᠭᠰᠠᠨ ᠴᠠᠰᠤ᠂ ᠮᠥᠰᠥ ᠬᠥᠯᠳᠡᠬᠦ ᠶᠢ ᠴᠠᠭ ᠲᠤᠬᠠᠢ ᠳᠤᠨᠢ ᠴᠡᠪᠡᠷᠯᠡᠨ ᠠᠷᠢᠯᠭᠠᠵᠤ᠂ ᠲᠦᠷᠭᠡᠨ ᠲᠤᠰᠬᠠᠯ ᠭᠠᠷᠭᠠᠬᠤ᠂ ᠥᠨᠳᠥᠷ ᠦᠷ᠎ᠡ ᠪᠦᠲᠦᠮᠵᠢᠲᠡᠶ ᠪᠠᠷ ᠠᠪᠤᠷᠠᠬᠤ᠂ ᠴᠠᠭ ᠲᠤᠬᠠᠢ ᠳᠤᠨᠢ ᠨᠡᠪᠲᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠳᠥᠷᠪᠡ ᠳᠤ᠂ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠬᠥᠲᠥᠯᠥᠨ ᠵᠢᠯᠣᠭᠤᠳᠬᠤ ᠶᠢ ᠪᠠᠲᠤᠯᠠᠬᠤ ᠬᠡᠷᠡᠭᠲᠡᠢ᠃ ᠴᠠᠭ ᠠᠭᠤᠷ᠂ ᠵᠠᠮ ᠤᠨ ᠪᠠᠶᠢᠳᠠᠯ ᠵᠢᠴᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠡᠪᠦᠯ ᠤᠨ ᠤᠯᠠᠷᠢᠯ ᠤᠨ ᠴᠠᠰᠤ ᠬᠥᠯᠳᠡᠬᠦ ᠵᠡᠷᠭᠡ ᠮᠠᠭᠤ ᠴᠠᠭ ᠠᠭᠤᠷ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠶᠠᠪᠤᠵᠤ ᠰᠠᠭᠤᠬᠤ ᠪᠠᠨ ᠵᠦᠢ ᠵᠣᠬᠢᠰᠲᠠᠢ ᠲᠣᠬᠢᠷᠠᠭᠤᠯᠬᠤ ᠶᠢ ᠣᠯᠠᠨ ᠨᠡᠶᠢᠲᠡ ᠳᠤ ᠰᠠᠨᠠᠭᠤᠯᠬᠤ ᠬᠡᠷᠡᠭᠲᠡᠢ ᠭᠡᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号