ᠮᠠᠨ ᠤ ᠬᠤᠰᠢᠭᠤ ︽ᠵᠠᠭᠤᠨ ᠬᠤᠷᠠᠩᠳᠠ ᠶᠢ ᠵᠠᠭᠤᠨ ᠰᠤᠷᠭᠠᠭᠤᠯᠢ ᠳᠤ ᠣᠷᠣᠭᠤᠯᠬᠤ︾ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/3/27
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠵᠤ᠂ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢ ᠨᠠᠶᠢᠳᠠᠪᠤᠷᠢᠵᠢᠭᠤᠯᠵᠤ᠂  ᠤᠯᠤᠰ  ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠎ ᠶᠢ ᠰᠤᠷᠭᠠᠭᠤᠯᠢ ᠳᠤ ᠤᠯᠠᠮ ᠨᠢᠭᠡ ᠠᠯᠬᠤᠮ ᠲᠦᠭᠡᠮᠡᠯᠵᠢᠭᠦᠯᠦᠨ᠂ ᠥᠷᠭᠡᠨ ᠣᠯᠠᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢᠶᠠᠨ ᠬᠦᠴᠦᠷᠬᠡᠭᠵᠢᠭᠦᠯᠬᠦ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠬᠤ ᠶᠢᠨ ᠲᠥᠯᠥᠭᠡ᠂ 3 ᠰᠠᠷ᠎ᠠ ᠶᠢᠨ 12 ‍ᠤᠨ‌ᠡᠳᠦᠷ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠤᠰᠢᠭᠤ ᠶᠡᠷᠦᠩᠬᠡᠶᠢᠯᠡᠭᠰᠡᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠲᠠᠢ ᠬᠠᠮᠲᠤᠷᠠᠨ᠂ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ ᠪᠣᠯᠬᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠬᠢᠴᠢᠶᠡᠯ︾ ᠵᠢᠴᠢ ︽ᠵᠠᠭᠤᠨ ᠬᠤᠷᠠᠩᠳᠠ ᠶᠢ ᠵᠠᠭᠤᠨ ᠰᠤᠷᠭᠠᠭᠤᠯᠢ ᠳᠤ ᠣᠷᠣᠭᠤᠯᠬᠤ︾ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠠᠵᠢᠯᠯᠠᠭ᠎ᠠ ᠦᠷᠨᠢᠭᠦᠯᠵᠡᠢ᠃      ᠠᠵᠢᠯᠯᠠᠭ᠎ᠠ ᠳᠤ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠤᠯᠤᠰ ᠢᠶᠠᠨ ᠬᠠᠶᠢᠷᠠᠯᠠᠬᠤ ᠦᠵᠡᠯ ᠢᠶᠠᠷ ᠭᠤᠣᠯ ᠠᠭᠤᠯᠭ᠎ᠠ ᠪᠣᠯᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠶᠢᠨ ᠬᠠᠮᠲᠤ᠂ ᠪᠠᠰᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠢ ᠥᠷᠨᠢᠭᠦᠯᠵᠦ᠂ ᠥᠷᠭᠡᠨ ᠣᠯᠠᠨ ᠵᠠᠯᠠᠭᠤᠴᠤᠳ ᠪᠠᠭᠠᠴᠤᠳ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠤᠨ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠬᠤ ᠶᠢ ᠬᠥᠲᠥᠯᠥᠨ ᠵᠢᠯᠣᠭᠤᠳᠪᠠ᠃      ᠲᠤᠰ ᠣᠳᠠᠭᠠᠨ ᠤ ᠤᠬᠠᠭᠤᠯᠤᠨ ᠲᠠᠶᠢᠯᠪᠤᠷᠢᠯᠠᠯᠲᠠ ᠨᠢ ᠵᠠᠯᠠᠭᠤᠴᠤᠳ ᠪᠠᠭᠠᠴᠤᠳ ᠢ ᠡᠬᠡ ᠤᠯᠤᠰ ᠤᠨ ᠢᠶᠠᠨ ᠲᠡᠦᠬᠡ ᠪᠣᠯᠣᠨ ᠪᠣᠳᠠᠲᠤ ᠠᠬᠤᠢ ᠶᠢ ᠵᠥᠪ ᠲᠠᠨᠢᠵᠤ᠂ ᠲᠡᠦᠬᠡᠲᠦ ᠡᠭᠦᠷᠭᠡ ᠪᠠᠨ ᠲᠣᠳᠣᠷᠬᠠᠶᠢᠯᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠶᠢ ᠤᠷᠢᠶᠠᠯᠠᠬᠤ ᠶᠢᠨ ᠲᠥᠯᠥᠭᠡ ᠶᠤᠮ᠃ ᠤᠬᠠᠭᠤᠯᠤᠨ ᠲᠠᠶᠢᠯᠪᠤᠷᠢᠯᠠᠯᠲᠠ ᠳᠠᠭᠤᠰᠤᠭᠰᠠᠨ ᠤ ᠳᠠᠷᠠᠭ᠎ᠠ᠂ ᠠᠵᠢᠯᠯᠠᠭ᠎ᠠ ᠳᠤ ᠣᠷᠣᠯᠴᠠᠭᠰᠠᠨ ᠰᠤᠷᠤᠭᠴᠢᠳ ᠢᠯᠡᠷᠬᠡᠶᠢᠯᠡᠬᠦ ᠳᠡᠭᠡᠨ᠂ ᠬᠤᠶᠢᠰᠢᠳᠠ ᠶᠢᠨ ᠰᠤᠷᠤᠯᠴᠠᠯᠭ᠎ᠠ ᠳᠤᠮᠳᠠ ᠠᠯᠤᠰ ᠬᠡᠳᠦ ᠶᠢᠨ ᠵᠣᠷᠢᠯᠲᠠ ᠲᠠᠢ᠂ ᠯᠠᠪᠳᠠᠭᠤᠨ ᠪᠠᠲᠤᠲᠠᠢ ᠰᠤᠷᠤᠯᠴᠠᠵᠤ᠂ ᠴᠤᠬ ᠵᠢᠪᠬᠤᠭ᠎ᠠ ᠲᠠᠢ᠂ ᠰᠥᠰᠥ ᠵᠣᠷᠢᠭ ᠲᠠᠢ ᠰᠢᠨ᠎ᠡ ᠴᠠᠭ ᠦᠶ᠎ᠡ ᠶᠢᠨ ᠵᠠᠯᠠᠭᠤᠴᠤᠳ ᠪᠣᠯᠬᠤ ᠪᠠᠷ ᠴᠢᠷᠮᠠᠶᠢᠨ᠎ᠠ ᠭᠡᠵᠡᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号