ᠵᠡᠭᠦᠨ ᠦᠵᠦᠮᠦᠴᠢᠨ ᠬᠤᠰᠢᠭᠤᠨ ᠤ ᠭᠤᠷᠪᠠᠳᠤᠭᠠᠷ ᠬᠡᠦᠬᠡᠳ ᠤᠨ ᠴᠡᠴᠡᠷᠯᠢᠭ
ᠨᠡᠶᠢᠲᠡᠯᠡᠭᠰᠡᠨ ᠴᠠᠭ᠄
2024/3/27
      ᠵᠡᠭᠦᠨ ᠦᠵᠦᠮᠦᠴᠢᠨ ᠬᠤᠰᠢᠭᠤᠨ ᠤ ᠭᠤᠷᠪᠠᠳᠤᠭᠠᠷ ᠬᠡᠦᠬᠡᠳ ᠤᠨ ᠴᠡᠴᠡᠷᠯᠢᠭ ᠪᠣᠯ ᠮᠠᠨ ᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠡᠭᠡᠷ᠎ᠡ ᠪᠥᠬᠦ ᠲᠥᠯᠥᠭᠡᠯᠡᠭᠴᠢᠳ ᠤᠨ ᠪᠢᠯᠧᠲ ᠢᠶᠠᠷ ᠰᠣᠩᠭᠤᠵᠤ ᠭᠠᠷᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠪᠣᠯᠣᠨ᠎ᠠ᠂ 2020 ᠣᠨ ᠤ 4 ᠰᠠᠷ᠎ᠠ ᠳᠤ ᠡᠬᠢᠯᠡᠨ ᠪᠠᠶᠢᠭᠤᠯᠵᠤ᠂ 2022 ᠣᠨ ᠤ 9 ᠰᠠᠷ᠎ᠠ ᠳᠤ ᠲᠥᠷᠥᠯ ᠵᠦᠢᠯ ᠢ ᠳᠠᠭᠤᠰᠬᠠᠵᠤ᠂ 2023 ᠣᠨ ᠤ 3 ᠰᠠᠷ᠎ᠠ ᠳᠤ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃ ᠶᠡᠷᠦᠩᠬᠡᠢ ᠪᠡᠯᠡ ᠣᠷᠣᠭᠤᠯᠤᠯᠲᠠ ᠨᠢ 5624 ᠲᠦᠮᠡᠨ ᠲᠥᠭᠦᠷᠢᠭ᠂ ᠴᠡᠴᠡᠷᠯᠢᠭ ᠤᠨ ᠲᠠᠯᠠᠪᠠᠢ ᠨᠢ 18300  ᠲᠡᠭᠰᠢ ᠳᠦᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠢ ᠨᠢ 6860 ᠲᠡᠭᠰᠢ ᠳᠦᠷᠪᠡᠯᠵᠢᠨ ᠮᠧᠲᠷ᠂ ᠤᠳᠤ 56 ᠪᠠᠭᠰᠢ ᠠᠵᠢᠯᠲᠠᠨ᠂ 13 ᠵᠢᠭᠠᠨ ᠰᠤᠷᠭᠠᠬᠤ ᠠᠩᠭᠢ᠂ 442 ᠬᠡᠦᠬᠡᠳ ᠪᠠᠶᠢᠨ᠎ᠠ᠃      ᠰᠢᠨ᠎ᠡ ᠴᠠᠭ ᠦᠶ᠎ᠡ ᠶᠢᠨ ᠠᠶᠠᠨ ᠵᠠᠮ ᠳᠤ᠂ ᠮᠠᠨ ᠤ ᠴᠡᠴᠡᠷᠯᠢᠭ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠡᠷᠡᠰ ᠲᠤᠤᠱᠯᠠᠭᠤᠯᠤᠨ ᠬᠡᠷᠡᠭᠵᠢᠭᠦᠯᠵᠦ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠢ ᠬᠥᠮᠥᠵᠢᠭᠦᠯᠬᠦ ᠪᠠᠷ ᠦᠨᠳᠦᠰᠦᠨ ᠡᠭᠦᠷᠭᠡ ᠪᠠᠨ ᠪᠣᠯᠭᠠᠪᠠ᠃ ᠬᠡᠦᠬᠡᠳ ᠤᠨ ᠴᠡᠴᠡᠷᠯᠢᠭ ᠪᠠ ᠪᠠᠭᠰᠢ ᠨᠠᠷ ᠤᠨ ᠳᠤᠮᠳᠠ ︽ᠨᠠᠮ ᠤᠨ ᠠᠴᠢ ᠶᠢ ᠣᠶᠢᠯᠠᠭᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠪᠡ᠃ ᠬᠡᠦᠬᠡᠳ ᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠵᠦ᠂ ᠥᠷᠭᠡᠨ ᠤᠯᠠᠨ ᠪᠠᠭᠰᠢ ᠨᠠᠷ ᠤᠨ ᠤᠯᠤᠰ ᠲᠦᠷᠦ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠨᠠᠮ ᠳᠠᠭᠠᠨ ᠦᠨᠡᠨᠴᠢ ᠰᠢᠳᠤᠷᠭᠤ ᠪᠠᠭᠰᠢ ᠶᠢᠨ ᠡᠩᠨᠡᠭᠡ ᠶᠢ ᠬᠥᠮᠥᠵᠢᠭᠦᠯᠪᠠ᠃      ᠬᠤᠪᠢᠰᠬᠠᠯᠲᠤ ᠦᠯᠢᠭᠡᠷ᠂ ᠤᠯᠤᠰ ᠤᠨ ᠲᠤᠭ ᠤᠨ ᠳᠣᠣᠷᠠᠬᠢ ᠶᠠᠷᠢᠶ᠎ᠠ ᠢᠯᠡᠳᠬᠡᠯ᠂ ᠭᠤᠣᠯ ᠰᠡᠳᠦᠪᠲᠦ ᠠᠩᠭᠢ ᠶᠢᠨ ᠬᠤᠷᠠᠯ᠂ ᠥᠷᠯᠥᠭᠡ ᠶᠢᠨ ᠷᠠᠳᠢᠣ᠋ ᠦᠷᠳᠡᠭᠡ ᠵᠡᠷᠭᠡ ᠬᠡᠯᠪᠡᠷᠢ ᠪᠠᠷ ᠬᠡᠦᠬᠡᠳ ᠤᠨ ᠨᠠᠮ ᠢ ᠮᠡᠳᠡᠷᠡᠬᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠵᠦ᠂ ᠬᠡᠦᠬᠡᠳ ᠤᠨ ᠨᠠᠮ ᠢ ᠬᠠᠶᠢᠷᠠᠯᠠᠬᠤ ᠰᠡᠳᠬᠢᠯᠭᠡ ᠪᠠ ᠠᠴᠢ ᠬᠠᠷᠢᠭᠤᠯᠠᠬᠤ ᠰᠡᠳᠬᠢᠯᠭᠡ ᠶᠢ ᠬᠥᠭᠵᠢᠭᠡᠵᠦ᠂ ᠬᠡᠦᠬᠡᠳ ᠤᠨ ᠡᠳᠦᠷ ᠳᠤᠳᠤᠮ ᠤᠨ ᠵᠢᠭᠠᠨ ᠰᠤᠷᠭᠠᠯᠲᠠ ᠳᠤ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠨᠡᠪᠴᠢᠭᠦᠯᠬᠦ ᠵᠢᠴᠢ ᠬᠡᠦᠬᠡᠳ ᠤᠨ ᠪᠠᠭ᠎ᠠ ᠠᠴᠠ ᠪᠠᠨ ᠵᠥᠪ ᠦᠷᠳᠡᠭ ᠤᠨ ᠦᠵᠡᠯᠲᠡ ᠲᠠᠢ ᠪᠣᠯᠬᠤ ᠶᠢ ᠬᠥᠲᠥᠯᠥᠨ ᠵᠢᠯᠤᠭᠤᠳᠴᠤ᠂ ᠠᠴᠢ ᠳᠤ ᠲᠠᠯᠠᠷᠬᠠᠬᠤ ᠪᠠ ᠠᠴᠢ ᠬᠠᠷᠢᠭᠤᠯᠬᠤ ᠶᠢ ᠰᠤᠷᠭᠠᠪᠠ᠃ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢᠨ ᠲᠠᠯ᠎ᠠ ᠪᠠᠷ᠂ ᠮᠠᠨ ᠤ ᠴᠡᠴᠡᠷᠯᠢᠭ ᠨᠢ  ᠭᠤᠳᠤᠮᠵᠢ ᠶᠢᠨ ᠬᠡᠷᠡᠮ᠂ ᠤᠬᠠᠭᠤᠯᠭ᠎ᠠ ᠶᠢᠨ ᠪᠤᠯᠤᠩ᠂ ᠠᠩᠭᠢ ᠶᠢᠨ ᠭᠤᠣᠯ ᠰᠡᠳᠦᠪᠲᠦ ᠬᠥᠮᠦᠵᠢᠯ ᠤᠨ ᠦᠵᠡᠭᠦᠯᠦᠯᠭᠡ ᠶᠢᠨ ᠰᠠᠮᠪᠠᠷ᠎ᠠ ᠵᠡᠷᠭᠡ ᠵᠠᠭᠤᠴᠢᠯᠠᠭᠤᠷ ᠢ ᠠᠰᠢᠭᠯᠠᠨ᠂ ᠨᠠᠮ ᠤᠨ ᠲᠡᠦᠬᠡ ᠪᠠ ᠪᠠᠭᠠᠲᠤᠷᠯᠢᠭ ᠦᠶᠯᠡ ᠠᠵᠢᠯᠯᠠᠭ᠎ᠠ ᠶᠢ ᠳᠡᠯᠭᠡᠨ ᠦᠵᠡᠭᠦᠯᠵᠦ᠂ ᠬᠡᠦᠬᠡᠳ ᠤᠳ ᠢ ᠡᠳᠦᠷ ᠲᠤᠲᠤᠮ ᠤᠨ ᠠᠮᠢᠳᠤᠷᠠᠯ ᠳᠤᠮᠳᠠ ᠠᠶᠠᠨᠳᠠᠭᠠᠨ ᠨᠥᠯᠥᠭᠡᠯᠡᠪᠡ᠃ ᠡᠭᠦᠨ ᠤ ᠬᠠᠮᠲᠤ᠂ ᠬᠡᠦᠬᠡᠳ ᠤᠨ ᠴᠡᠴᠡᠷᠯᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠠᠶᠠᠯᠢᠭ ᠰᠠᠶᠢᠬᠠᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠪᠡ᠃ ᠵᠢᠱᠢᠶᠡᠯᠡᠪᠡᠯ ᠵᠢᠵᠢᠭᠬᠡᠨ ᠰᠠᠶᠢᠨ ᠳᠤᠷ᠎ᠠ ᠶᠢᠨ ᠠᠵᠢᠯᠯᠠᠭᠴᠢ ᠶᠢᠨ ᠦᠢᠯᠡᠴᠢᠯᠡᠭᠡ᠂ ᠣᠷᠴᠢᠨ ᠠᠬᠤᠢ ᠶᠢ ᠬᠠᠮᠠᠭᠠᠯᠠᠬᠤ ᠠᠵᠢᠯᠯᠠᠭ᠎ᠠ ᠵᠡᠷᠭᠡ ᠨᠢ ᠬᠡᠦᠬᠡᠳ ᠤᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠬᠥᠮᠥᠵᠢᠭᠦᠯᠪᠡ᠃      ᠪᠠᠭᠰᠢ ᠶᠢᠨ ᠡᠩᠨᠡᠭᠡᠨ ᠤ ᠪᠠᠶᠢᠭᠤᠯᠤᠯᠲᠠ ᠳᠤᠮᠳᠠ ᠶᠣᠰᠣ ᠰᠤᠷᠲᠠᠬᠤᠨ ᠤ ᠬᠢᠴᠢᠶᠡᠯ ᠤᠨ ᠲᠠᠩᠬᠢᠮ᠂ ᠱᠦᠵᠢ ᠨᠠᠮ ᠤᠨ ᠬᠢᠴᠢᠶᠡᠯ ᠣᠷᠣᠬᠤ᠂ ᠨᠠᠮ ᠤᠨ ᠲᠡᠦᠬᠡ ᠶᠢᠨ ᠦᠯᠢᠭᠡᠷ ᠢ ᠬᠤᠪᠢᠶᠠᠯᠴᠠᠨ ᠡᠳ᠋ᠯᠡᠬᠦ ᠬᠤᠷᠠᠯ᠂ ᠬᠤᠪᠢᠰᠬᠠᠯ ᠤᠨ ᠦᠵᠡᠯᠲᠡ ᠶᠢᠨ ᠺᠢᠨᠣ᠋ ᠦᠵᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠪᠠᠭᠰᠢ ᠨᠠᠷ ᠢ ᠢᠳᠡᠪᠬᠢᠲᠡᠢ ᠬᠥᠲᠥᠯᠥᠨ ᠵᠢᠯᠤᠭᠤᠳᠴᠤ ᠨᠠᠮ ᠤᠨ ᠳᠠᠭᠤᠨ ᠢ ᠠᠩᠬᠠᠷᠤᠭᠤᠯᠵᠤ᠂ ᠨᠠᠮ ᠤᠨ ᠲᠦᠷᠦ ᠶᠢᠨ ᠪᠣᠳᠣᠯᠭ᠎ᠠ ᠶᠢ ᠰᠤᠷᠤᠯᠴᠠᠭᠤᠯᠵᠤ᠂ ᠨᠠᠮ ᠤᠨ ᠵᠣᠷᠢᠭ ᠰᠠᠨᠠᠭ᠎ᠠ ᠶᠢ ᠣᠶᠢᠯᠠᠭᠠᠭᠤᠯᠪᠡ᠃ ᠡᠭᠦᠨ ᠤ ᠬᠠᠮᠲᠤ᠂ ᠪᠠᠭᠰᠢ ᠨᠠᠷ ᠤᠨ ᠰᠠᠶᠢᠨ ᠳᠤᠷ᠎ᠠ ᠶᠢᠨ ᠦᠢᠯᠡᠴᠢᠯᠡᠭᠡ᠂ ᠶᠠᠳᠠᠭᠤ ᠶᠢ ᠲᠡᠳᠬᠦᠵᠦ ᠬᠦᠴᠢᠷᠳᠡᠯ ᠢ ᠬᠠᠪᠰᠤᠷᠬᠤ ᠵᠡᠷᠭᠡ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠪᠡ᠂ ᠵᠢᠱᠢᠶᠡᠯᠡᠪᠡᠯ ᠶᠠᠳᠠᠭᠤ ᠬᠦᠴᠢᠷᠳᠡᠯᠲᠡᠢ ᠭᠡᠷ ᠪᠦᠯᠢ ᠶᠢᠨ ᠬᠡᠦᠬᠡᠳ ᠢ ᠲᠤᠰᠠᠯᠠᠬᠤ᠂ ᠨᠡᠶᠢᠭᠡᠮ ᠲᠣᠭᠤᠷᠢᠭ ᠠᠴᠠ ᠦᠷᠦᠪᠴᠢᠬᠡᠨ ᠬᠦᠰᠡᠯ ᠢ ᠪᠡᠶᠡᠯᠡᠭᠦᠯᠬᠦ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠬᠡᠦᠬᠡᠳ ᠲᠤ ᠬᠤᠪᠴᠠᠰᠤ ᠬᠤᠨᠠᠷ ᠡᠳ᠋ ᠪᠣᠳᠠᠰ ᠬᠠᠨᠳᠢᠪᠯᠡᠬᠤ᠂ ᠬᠠᠮᠲᠤ ᠪᠠᠷ ᠮᠣᠳᠣ ᠲᠠᠷᠢᠵᠤ ᠨᠣᠭᠤᠭᠠᠷᠠᠭᠤᠯᠬᠤ ᠵᠡᠷᠭᠡ ᠠᠵᠢᠯ ᠳᠤ ᠢᠳᠡᠪᠬᠢᠲᠡᠢ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠪᠡ᠃      ᠡᠲᠡᠭᠡᠷ ᠠᠵᠢᠯᠯᠠᠭ᠎ᠠ ᠪᠠᠷ ᠳᠠᠮᠵᠢᠭᠤᠯᠤᠨ᠂ ᠬᠡᠦᠬᠡᠳ ᠤᠨ ᠨᠠᠮ ᠤᠨ ᠲᠤᠬᠠᠢ ᠲᠠᠨᠢᠯᠲᠠ ᠪᠠ ᠠᠴᠢ ᠬᠠᠷᠢᠭᠤᠯᠠᠬᠤ ᠰᠡᠳᠬᠢᠯᠭᠡ ᠶᠢ ᠲᠤᠶᠢᠯ ᠤᠨ ᠶᠡᠭᠡ ᠪᠠᠷ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠬᠡᠦᠬᠡᠳ ᠲᠤ ᠨᠠᠮ ᠤᠨ ᠬᠡᠷᠡᠯ ᠰᠠᠴᠤᠷᠠᠩᠭᠤᠢ ᠥᠩᠭᠡᠷᠡᠯᠲᠡ ᠪᠠ ᠠᠭᠤᠤ ᠶᠡᠭᠡ ᠠᠮᠵᠢᠯᠲᠠ ᠪᠦᠲᠦᠮᠵᠢ ᠶᠢ ᠭᠦᠨᠵᠡᠭᠡᠢ ᠣᠶᠢᠯᠠᠭᠠᠭᠤᠯᠤᠭᠰᠠᠨ ᠪᠠᠶᠢᠨ᠎ᠠ᠃ ᠡᠭᠦᠨ ᠤ ᠬᠠᠮᠲᠤ ᠮᠠᠨ ᠤ ᠴᠡᠴᠡᠷᠯᠢᠭ ᠤᠨ ᠪᠠᠭᠰᠢ ᠶᠢᠨ ᠡᠩᠨᠡᠭᠡᠨ ᠤ ᠤᠯᠤᠰ ᠲᠥᠷᠥ ᠶᠢᠨ ᠬᠡᠪ ᠪᠣᠯᠪᠠᠰᠤᠷᠠᠯ ᠢ ᠢᠯᠡᠳᠲᠡ ᠳᠡᠭᠡᠭᠰᠢᠯᠡᠭᠦᠯᠪᠡ᠃ ᠥᠷᠭᠡᠨ ᠤᠯᠠᠨ ᠪᠠᠭᠰᠢ ᠨᠠᠷ ᠨᠡᠩ ᠢᠯᠡᠭᠦᠦ ᠢᠲᠡᠭᠡᠯ ᠪᠢᠰᠢᠷᠡᠯ ᠢᠶᠠᠨ ᠪᠠᠲᠤᠳᠬᠠᠵᠤ᠂ ᠴᠢᠭᠯᠡᠯ ᠢᠶᠠᠨ ᠲᠣᠳᠣᠷᠬᠠᠢ ᠪᠣᠯᠭᠠᠵᠤ᠂ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠪᠡ᠃
 
ᠢᠷᠡᠯᠲᠡ᠄ ᠭᠤᠷᠪᠠᠳᠤᠭᠠᠷ ᠬᠡᠦᠬᠡᠳ ᠤᠨ ᠴᠡᠴᠡᠷᠯᠢᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号