ᠮᠠᠨ ᠤ ᠬᠤᠰᠢᠭᠤ ︽ᠵᠠᠭᠤᠨ ᠬᠤᠷᠠᠩᠳᠠ ᠶᠢ ᠵᠠᠭᠤᠨ ᠰᠤᠷᠭᠠᠭᠤᠯᠢ ᠳᠤ ᠣᠷᠣᠭᠤᠯᠬᠤ︾ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/3/27
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠤᠭᠤᠰᠢᠯᠠᠭᠤᠯᠵᠤ᠂ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠨᠠᠶᠢᠳᠠᠪᠤᠷᠢᠵᠢᠭᠤᠯᠵᠤ᠂  ᠤᠯᠤᠰ  ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ  ᠶᠢ ᠰᠤᠷᠭᠠᠭᠤᠯᠢ ᠳᠤ ᠤᠯᠠᠮ ᠨᠢᠭᠡ ᠠᠯᠬᠤᠮ ᠲᠦᠭᠡᠮᠡᠯᠵᠢᠭᠦᠯᠦᠨ᠂ ᠥᠷᠭᠡᠨ ᠣᠯᠠᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢᠶᠠᠨ ᠬᠦᠴᠦᠷᠬᠡᠭᠵᠢᠭᠦᠯᠬᠦ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠬᠤ ᠶᠢᠨ ᠲᠥᠯᠥᠭᠡ᠂ 3 ᠰᠠᠷ᠎ᠠ ᠶᠢᠨ 12 ‍ᠤᠨ‌ᠡᠳᠦᠷ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠬᠤᠰᠢᠭᠤ ᠶᠡᠷᠦᠩᠬᠡᠶᠢᠯᠡᠭᠰᠡᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠲᠠᠢ ᠬᠠᠮᠲᠤᠷᠠᠨ᠂ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ ᠪᠣᠯᠬᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠬᠢᠴᠢᠶᠡᠯ︾ ᠵᠢᠴᠢ ︽ᠵᠠᠭᠤᠨ ᠬᠤᠷᠠᠩᠳᠠ ᠶᠢ ᠵᠠᠭᠤᠨ ᠰᠤᠷᠭᠠᠭᠤᠯᠢ ᠳᠤ ᠣᠷᠣᠭᠤᠯᠬᠤ︾ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠤᠨ ᠠᠵᠢᠯᠯᠠᠭ᠎ᠠ ᠦᠷᠨᠢᠭᠦᠯᠵᠡᠢ᠃      ᠠᠵᠢᠯᠯᠠᠭ᠎ᠠ ᠳᠤ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠤᠯᠤᠰ ᠢᠶᠠᠨ ᠬᠠᠶᠢᠷᠠᠯᠠᠬᠤ ᠦᠵᠡᠯ ᠢᠶᠠᠷ ᠭᠤᠣᠯ ᠠᠭᠤᠯᠭ᠎ᠠ ᠪᠣᠯᠭᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠶᠢᠨ ᠬᠠᠮᠲᠤ᠂ ᠪᠠᠰᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠥᠮᠦᠵᠢᠯ ᠢ ᠥᠷᠨᠢᠭᠦᠯᠵᠦ᠂ ᠥᠷᠭᠡᠨ ᠣᠯᠠᠨ ᠵᠠᠯᠠᠭᠤᠴᠤᠳ ᠪᠠᠭᠠᠴᠤᠳ ᠤᠨ ᠰᠢᠯᠢᠳᠡᠭ ᠤᠯᠠᠮᠵᠢᠯᠠᠯ ᠢ ᠪᠠᠳᠠᠷᠠᠭᠤᠯᠤᠨ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠬᠤ ᠶᠢ ᠬᠥᠲᠥᠯᠥᠨ ᠵᠢᠯᠣᠭᠤᠳᠪᠠ᠃      ᠲᠤᠰ ᠣᠳᠠᠭᠠᠨ ᠤ ᠤᠬᠠᠭᠤᠯᠤᠨ ᠲᠠᠶᠢᠯᠪᠤᠷᠢᠯᠠᠯᠲᠠ ᠨᠢ ᠵᠠᠯᠠᠭᠤᠴᠤᠳ ᠪᠠᠭᠠᠴᠤᠳ ᠢ ᠡᠬᠡ ᠤᠯᠤᠰ ᠤᠨ ᠢᠶᠠᠨ ᠲᠡᠦᠬᠡ ᠪᠣᠯᠣᠨ ᠪᠣᠳᠠᠲᠤ ᠠᠬᠤᠢ ᠶᠢ ᠵᠥᠪ ᠲᠠᠨᠢᠵᠤ᠂ ᠲᠡᠦᠬᠡᠲᠦ ᠡᠭᠦᠷᠭᠡ ᠪᠠᠨ ᠲᠣᠳᠣᠷᠬᠠᠶᠢᠯᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠶᠢ ᠤᠷᠢᠶᠠᠯᠠᠬᠤ ᠶᠢᠨ ᠲᠥᠯᠥᠭᠡ ᠶᠤᠮ᠃ ᠤᠬᠠᠭᠤᠯᠤᠨ ᠲᠠᠶᠢᠯᠪᠤᠷᠢᠯᠠᠯᠲᠠ ᠳᠠᠭᠤᠰᠤᠭᠰᠠᠨ ᠤ ᠳᠠᠷᠠᠭ᠎ᠠ᠂ ᠠᠵᠢᠯᠯᠠᠭ᠎ᠠ ᠳᠤ ᠣᠷᠣᠯᠴᠠᠭᠰᠠᠨ ᠰᠤᠷᠤᠭᠴᠢᠳ ᠢᠯᠡᠷᠬᠡᠶᠢᠯᠡᠬᠦ ᠳᠡᠭᠡᠨ᠂ ᠬᠤᠶᠢᠰᠢᠳᠠ ᠶᠢᠨ ᠰᠤᠷᠤᠯᠴᠠᠯᠭ᠎ᠠ ᠳᠤᠮᠳᠠ ᠠᠯᠤᠰ ᠬᠡᠳᠦ ᠶᠢᠨ ᠵᠣᠷᠢᠯᠲᠠ ᠲᠠᠢ᠂ ᠯᠠᠪᠳᠠᠭᠤᠨ ᠪᠠᠲᠤᠲᠠᠢ ᠰᠤᠷᠤᠯᠴᠠᠵᠤ᠂ ᠴᠤᠬ ᠵᠢᠪᠬᠤᠭ᠎ᠠ ᠲᠠᠢ᠂ ᠰᠥᠰᠥ ᠵᠣᠷᠢᠭ ᠲᠠᠢ ᠰᠢᠨ᠎ᠡ ᠴᠠᠭ ᠦᠶ᠎ᠡ ᠶᠢᠨ ᠵᠠᠯᠠᠭᠤᠴᠤᠳ ᠪᠣᠯᠬᠤ ᠪᠠᠷ ᠴᠢᠷᠮᠠᠶᠢᠨ᠎ᠠ ᠭᠡᠵᠡᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号