ᠪᠥᠬᠦ ᠤᠯᠤᠰ ᠤᠨ ᠠᠷᠠᠳ ᠤᠨ ᠲᠥᠯᠥᠭᠡᠯᠡᠭᠴᠢ ᠡᠷᠳᠡᠨᠢᠳᠠᠯᠠᠢ᠂ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠡᠬᠡ ᠣᠯᠣᠰ ᠤᠨ ᠣᠮᠠᠷᠠᠲᠦ ᠬᠢᠯᠢ ᠳᠤ ᠴᠣᠣᠷᠢᠶᠠᠳᠣᠭᠤᠯᠣᠨ᠎ᠠ
ᠨᠡᠶᠢᠲᠡᠯᠡᠭᠰᠡᠨ ᠴᠠᠭ᠄
2024/3/27
      3 ᠰᠠᠷ᠎ᠠ ᠶᠢᠨ 12 ᠤᠨ ᠡᠳᠦᠷ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢ᠂ ᠵᠡᠭᠦᠨ ᠦᠵᠦᠮᠦᠴᠢᠨ ᠬᠤᠰᠢᠭᠤᠨ ᠤ ᠬᠠᠲᠠᠪᠴᠢ ᠪᠠᠯᠭᠠᠰᠤᠨ ᠤ ᠱᠠᠩᠳᠤ ᠭᠠᠴᠠᠭᠠᠨ ᠤ ᠮᠠᠯᠴᠢᠨ ᠡᠷᠳᠡᠨᠢᠳᠠᠯᠠᠢ ᠬᠤᠶᠠᠷ ᠬᠤᠷᠠᠯ ᠤᠨ ᠡᠭᠦᠷᠭᠡ ᠬᠠᠷᠢᠭᠤᠴᠠᠯᠭ᠎ᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ ᠨᠤᠲᠤᠭ ᠲᠠᠭᠠᠨ ᠬᠠᠷᠢᠵᠦ ᠢᠷᠡᠪᠡ  ᠃ 3 ᠰᠠᠷ᠎ᠠ ᠶᠢᠨ 13 ᠤ ᠡᠳᠦᠷ᠂ ᠲᠡᠷᠡ ᠮᠠᠯᠴᠢᠳ ᠲᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠦ᠂ ᠨᠠᠮ ᠤᠨ ᠳᠠᠭᠤᠨ ᠢ ᠲᠡᠷᠡ ᠳᠠᠷᠤᠢ ᠳᠤᠨᠢ ᠮᠠᠯᠴᠢᠳ ᠲᠤ  ᠳᠠᠮᠵᠢᠭᠤᠯᠬᠤ ᠪᠠᠷ ᠶᠠᠭᠠᠷᠠᠯᠳᠣᠨ᠎ᠠ  ᠃      ᠮᠠᠯᠴᠢᠳ ᠲᠤ ᠠᠪᠴᠤ ᠬᠡᠯᠡᠪᠡᠯ᠂ ᠪᠥᠬᠦ ᠤᠯᠤᠰ ᠤᠨ ᠬᠤᠶᠠᠷ ᠬᠤᠷᠠᠯ ᠨᠢ ᠨᠢᠭᠡ ᠤᠳᠠᠭᠠᠨ ᠤ ᠤᠯᠤᠰ ᠲᠥᠷᠥ ᠶᠢᠨ ᠦᠪᠡᠳᠡᠭᠰᠢ ᠬᠤᠷᠠᠯ ᠪᠣᠯᠬᠤ ᠪᠠᠷ ᠪᠠᠷᠠᠬᠤ ᠥᠬᠡᠶ᠂ ᠨᠠᠩ ᠴᠤ ᠲᠡᠳᠡᠨ ᠤ ᠤᠯᠤᠰ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠴᠤᠩᠬᠤᠪᠴᠢ ᠪᠣᠯᠤᠨ᠎ᠠ  ᠃ ᠬᠠᠲᠠᠪᠴᠢ ᠪᠠᠯᠭᠠᠰᠤᠨ ᠤ ᠱᠠᠩᠳᠤ ᠭᠠᠴᠠᠭᠠᠨ ᠤ ᠮᠠᠯᠴᠢᠨ ᠲᠦᠮᠡᠨᠭᠡᠷᠡᠯ ᠤᠨ ᠬᠢᠨ ᠳᠤ᠂ ᠡᠷᠳᠡᠨᠢᠳᠠᠯᠠᠶ ᠲᠡᠭᠦᠨ ᠲᠠᠢ ᠵᠤᠭᠤᠭᠳᠠᠨ᠂ ᠲᠥᠯ ᠲᠤᠰᠴᠤ ᠪᠣᠶᠢᠵᠢᠭᠤᠯᠬᠤ ᠠᠬᠢᠴᠠ ᠶᠢ ᠦᠢᠯᠠᠭᠠᠨ᠂ ᠮᠠᠯ ᠠᠵᠤ ᠠᠬᠤᠶ ᠶᠢᠨ ᠦᠶᠯᠡᠳᠪᠦᠷᠢᠯᠡᠯ ᠤᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠬᠠᠮᠲᠤ ᠪᠠᠷ ᠰᠣᠳᠣᠯᠬᠤ ᠶᠢᠨ ᠬᠠᠮᠲᠦ᠂ ᠡᠨᠡ ᠵᠢᠯ ᠤᠨ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ᠂ ᠵᠠᠰᠠᠭ ᠤᠨ ᠣᠷᠳᠣᠨ ᠤ  ᠠᠵᠢᠯ ᠤᠨ ᠢᠯᠡᠳᠬᠡᠯ ᠳᠠᠬᠢ ᠮᠠᠯ ᠠᠵᠤ ᠠᠬᠤᠶ ᠶᠢᠨ ᠴᠢᠨᠠᠷ ᠰᠠᠶᠢᠲᠠᠶ ᠬᠦᠭᠵᠢᠯᠲᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ ᠠᠭᠤᠯᠭ᠎ᠠ ᠳᠤ ᠨᠠᠷᠢᠨ ᠲᠠᠶᠢᠯᠤᠮᠵᠢ ᠬᠢᠵᠦ᠂ ᠮᠠᠯᠴᠢᠨ ᠲᠦᠮᠡᠨ ᠳᠤ ᠨᠠᠮ ᠪᠣᠯᠤᠨ ᠤᠯᠤᠰ ᠠᠴᠠ ᠥᠷᠭᠡᠨ ᠣᠯᠠᠨ ᠮᠠᠯᠴᠢᠨ ᠲᠦᠮᠡᠨ ᠢ ᠬᠠᠯᠠᠮᠵᠢᠯᠠᠵᠤ ᠪᠠᠶᠢᠬᠤ ᠶᠢ ᠦᠨᠡᠨᠬᠦ ᠮᠡᠳᠡᠷᠡᠭᠦᠯᠵᠦ᠂ ᠨᠠᠮ ᠤᠨ ᠰᠠᠶᠢᠨ ᠲᠥᠷᠥ ᠶᠢᠨ ᠪᠣᠳᠣᠯᠭ᠎ᠠ ᠶᠢ ᠡᠬᠡ ᠤᠯᠤᠰ ᠤᠨ ᠬᠢᠯᠢ ᠶᠢᠨ ᠱᠤᠭᠤᠮ ᠳᠤ ᠳᠠᠮᠵᠢᠭᠤᠯᠵᠦ᠂ ᠠᠷᠠᠳ ᠣᠯᠠᠨ ᠤ ᠰᠡᠳᠬᠢᠯ ᠳᠤ  ᠬᠠᠳᠠᠩᠰᠢᠭᠤᠯᠪᠡ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号