ᠪᠦᠬᠦ ᠤᠯᠤᠰ ᠤᠨ ᠠᠷᠠᠳ ᠤᠨ ᠲᠥᠯᠥᠭᠡᠯᠡᠭᠴᠢ ᠡᠷᠳᠡᠨᠢᠳᠠᠯᠠᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠬᠠᠷᠢᠵᠤ ᠢᠷᠡᠯ᠎ᠡ
ᠨᠡᠶᠢᠲᠡᠯᠡᠭᠰᠡᠨ ᠴᠠᠭ᠄
2024/3/27
      ᠣᠯᠠᠨ ᠤ ᠠᠩᠬᠠᠷᠤᠯ ᠢ ᠲᠠᠲᠠᠭᠰᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠬᠤᠷᠠᠯᠳᠤᠭᠠᠨ 3 ᠰᠠᠷ᠎ᠠ ᠶᠢᠨ 11 ᠤ ᠡᠳᠦᠷ ᠪᠡᠭᠡᠵᠢᠩ ᠳᠤ ᠲᠡᠭᠦᠰ ᠠᠮᠵᠢᠯᠲᠠ ᠲᠠᠢ ᠦᠨᠳᠣᠷᠯᠡᠵᠡᠢ᠃ ᠶᠡᠭᠡ ᠬᠤᠷᠠᠯ ᠤᠨ ᠡᠯ᠎ᠡ ᠵᠥᠪᠯᠡᠬᠦ ᠵᠦᠢᠯ ᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠲᠠᠷᠠᠭ᠎ᠠ᠂ ᠪᠦᠬᠦ ᠤᠯᠤᠰ ᠤᠨ ᠬᠤᠶᠠᠷ ᠬᠤᠷᠠᠯ ᠳᠤ ᠣᠷᠣᠯᠴᠠᠭᠰᠠᠨ᠂ ᠮᠠᠨ ᠤ ᠬᠤᠰᠢᠭᠤᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢ ᠡᠷᠳᠡᠨᠢᠳᠠᠯᠠᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠬᠠᠷᠢᠵᠤ ᠢᠷᠡᠪᠡ᠃      3 ᠰᠠᠷ᠎ᠠ ᠶᠢᠨ 12 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠦᠮᠦ᠋ᠩᠬᠡ ᠵᠡᠷᠭᠡ ᠤᠳᠤᠷᠢᠳᠤᠯᠭ᠎ᠠ ᠡᠷᠳᠡᠨᠢᠳᠠᠯᠠᠢ ᠶᠢ ᠬᠠᠯᠠᠭᠤᠨ ᠢᠶᠠᠷ ᠤᠭᠲᠤᠨ ᠠᠪᠴᠦ᠂ ᠰᠠᠭᠤᠳᠠᠯ ᠤᠨ ᠬᠤᠷᠠᠯ ᠬᠤᠷᠠᠯᠳᠣᠭᠤᠯᠵᠠᠢ᠃      ᠰᠠᠭᠤᠳᠠᠯ ᠤᠨ ᠬᠤᠷᠠᠯ ᠳᠡᠭᠡᠷ᠎ᠡ᠂ ᠡᠷᠳᠡᠨᠢᠳᠠᠯᠠᠢ ᠪᠦᠬᠦ ᠤᠯᠤᠰ ᠤᠨ ᠬᠤᠶᠠᠷ ᠬᠤᠷᠠᠯ ᠤᠨ ᠦᠪᠡᠳᠡᠭᠰᠢ ᠪᠠᠶᠢᠳᠠᠯ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠪᠣᠯᠣᠨ ᠦᠨᠡᠨ ᠪᠣᠳᠠᠲᠠᠢ ᠲᠥᠷᠥᠭᠳᠡᠯ ᠢᠶᠠᠨ ᠲᠠᠨᠢᠯᠴᠠᠭᠤᠯᠪᠠ᠃ ᠬᠤᠷᠠᠯ ᠤᠨ ᠬᠤᠭᠤᠴᠠᠭᠠᠨ ᠳᠤ᠂ ᠡᠷᠳᠡᠨᠢᠳᠠᠯᠠᠢ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠠᠵᠢᠯ ᠳᠤ ︽ᠬᠢᠯᠢ ᠬᠢᠵᠠᠭᠠᠷ ᠤᠨ ᠮᠠᠯᠵᠢᠬᠤ ᠣᠷᠣᠨ ᠤ ᠤᠰᠤᠨ ᠰᠤᠷᠪᠤᠯᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠵᠢᠷᠠᠭᠤᠯᠵᠤ ᠣᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ ᠴᠢᠨᠠᠷ ᠰᠠᠶᠢᠲᠠᠢ ᠪᠠᠲᠤᠯᠠᠬᠤ ᠲᠤᠬᠠᠢ ᠰᠠᠨᠠᠭᠤᠯᠭ᠎ᠠ︾᠂ ︽ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠬᠤ ᠲᠤᠬᠠᠢ ᠰᠠᠨᠠᠭᠤᠯᠭ᠎ᠠ︾᠂ ︽ᠥᠪᠥᠷ ᠮᠣᠩᠭᠤᠯ ᠤᠨ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠭᠤᠯᠭ᠎ᠠ︾ ᠵᠡᠷᠭᠡ ᠭᠤᠷᠪᠠᠨ ᠰᠠᠨᠠᠭᠤᠯᠭ᠎ᠠ ᠳᠡᠪᠰᠢᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠠᠷᠠᠳ ᠤᠨ ᠲᠥᠯᠦᠭᠡᠯᠡᠭᠴᠢ ᠶᠢᠨ ᠪᠣᠳᠠᠲᠠᠢ ᠠᠵᠢᠯᠯᠠᠬᠤ ᠴᠤᠭ ᠵᠢᠪᠬᠤᠭ᠎ᠠ ᠶᠢ ᠢᠯᠡᠷᠡᠭᠦᠯᠪᠡ᠃      ᠬᠢᠩᠭᠠᠨ ᠬᠡᠯᠡᠬᠦ ᠳᠡᠭᠡᠨ᠂ ᠡᠨᠡ ᠤᠳᠠᠭᠠᠨ ᠤ ᠪᠥᠬᠦ ᠤᠯᠤᠰ ᠤᠨ ᠬᠤᠶᠠᠷ ᠬᠤᠷᠠᠯ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠂ ᠡᠨᠡ ᠪᠣᠯ ᠤᠯᠤᠰ ᠤᠨ ᠰᠢᠨ᠎ᠡ ᠬᠥᠭᠵᠢᠯᠲᠡ ᠶᠢᠨ ᠱᠠᠲᠤᠨ ᠳᠤ ᠵᠤᠭᠰᠣᠵᠦ ᠬᠤᠷᠠᠯᠳᠤᠭᠤᠯᠤᠭᠰᠠᠨ ᠨᠢᠭᠡ ᠤᠳᠠᠭᠠᠨ ᠤ ᠴᠢᠬᠤᠯᠠ ᠬᠤᠷᠠᠯ ᠮᠥᠨ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠳᠣᠭᠤᠰᠢᠯᠠᠭᠤᠯᠬᠤ ᠪᠣᠯ ᠣᠳᠣᠬᠠᠨ ᠤ ᠮᠠᠨ ᠤ ᠬᠤᠰᠢᠭᠤᠨ ᠤ ᠨᠢᠭᠡᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠃ ᠡᠷᠳᠡᠨᠢᠳᠠᠯᠠᠢ ᠪᠦᠬᠦ ᠤᠯᠤᠰ ᠤᠨ ᠠᠷᠠᠳ ᠤᠨ ᠲᠦᠯᠦᠭᠡᠯᠡᠭᠴᠢ ᠪᠤᠯᠤᠭᠰᠠᠨ ᠤ ᠬᠤᠪᠢ ᠳᠤ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠣᠶᠢᠯᠠᠭᠠᠨ᠂ ᠰᠠᠶᠢᠲᠤᠷ ᠰᠤᠷᠤᠯᠴᠠᠵᠤ᠂ ᠰᠠᠶᠢᠲᠤᠷ ᠤᠯᠠᠮᠵᠢᠯᠠᠨ᠂ ᠰᠠᠶᠢᠲᠤᠷ  ᠳᠣᠭᠤᠰᠢᠯᠠᠭᠤᠯᠵᠦ᠂ ᠰᠠᠶᠢᠲᠤᠷ ᠨᠠᠶᠢᠳᠠᠪᠦᠷᠢᠵᠢᠭᠤᠯᠤᠨ᠂ ᠬᠤᠶᠠᠷ ᠬᠤᠷᠠᠯ ᠤᠨ ᠳᠠᠭᠤᠨ ᠢ ᠬᠠᠮᠤᠭ ᠤᠨ ᠲᠡᠷᠢᠭᠦᠨ ᠳᠤ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠳᠤ ᠤᠯᠠᠮᠵᠢᠯᠠᠬᠤ ᠶᠢᠨ ᠬᠠᠮᠲᠤ ᠰᠤᠷᠤᠯᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠥᠪᠡᠷ ᠢ ᠪᠠᠨ ᠠᠯᠬᠤᠮ ᠠᠯᠬᠤᠮ ᠢᠶᠠᠷ ᠪᠠᠶᠠᠯᠢᠭᠵᠢᠭᠤᠯᠤᠨ ᠳᠡᠭᠡᠭᠰᠢᠯᠡᠭᠦᠯᠵᠦ᠂ ᠤᠯᠤᠰ ᠣᠷᠣᠨ ᠳᠤ ᠦᠨᠳᠦᠰᠦᠨ ᠱᠠᠲᠤᠨ ᠤ ᠤᠯᠠᠨ ᠲᠦᠮᠡᠨ ᠤ ᠰᠠᠨᠠᠭ᠎ᠠ ᠪᠣᠳᠤᠯ ᠢ ᠪᠦᠬᠦ ᠲᠠᠯ᠎ᠠ ᠪᠠᠷ ᠦᠨᠡᠨ ᠪᠣᠳᠠᠲᠠᠢ ᠪᠠᠷ ᠲᠤᠰᠬᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠤᠨ ᠬᠥᠭᠵᠢᠭᠡᠬᠦ ᠬᠡᠷᠡᠭᠲᠡᠢ ᠭᠡᠵᠡᠢ᠃      ᠡᠷᠳᠡᠨᠢᠳᠠᠯᠠᠢ ᠢᠯᠡᠷᠬᠡᠶᠢᠯᠡᠬᠦ ᠳᠡᠭᠡᠨ᠂ ᠰᠢ ᠶᠢᠨ ᠫᠢᠩ ᠶᠡᠷᠦᠩᠬᠡᠢ ᠱᠦᠵᠢ ᠶᠢᠨ ᠪᠥᠬᠦ ᠤᠯᠤᠰ ᠤᠨ ᠬᠤᠶᠠᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠳᠣᠭᠤᠰᠢᠯᠠᠭᠤᠯᠵᠦ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠣᠭᠲᠠᠭᠠᠭᠰᠠᠨ ᠬᠠᠷᠠᠯᠲᠠ ᠪᠠ ᠠᠷᠭ᠎ᠠ ᠬᠡᠮᠵᠢᠶ᠎ᠡ ᠶᠣᠰᠣᠭᠠᠷ᠂ ᠦᠨᠳᠦᠰᠦᠲᠡᠨ ᠨᠦᠭᠦᠳ ᠤᠨ ᠣᠯᠠᠨ ᠲᠦᠮᠡᠨ ᠲᠠᠢ ᠨᠠᠩ ᠨᠢᠭᠲᠠ ᠬᠠᠷᠢᠯᠴᠠᠵᠤ᠂ ᠠᠷᠠᠳ ᠣᠯᠠᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠨᠠᠮ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠤᠬᠠᠭᠤᠯᠵᠤ᠂ ᠪᠣᠳᠠᠲᠤ ᠦᠢᠯᠡ ᠠᠵᠢᠯᠯᠠᠭ᠎ᠠ ᠪᠠᠷ ᠢᠶᠠᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号