ᠨᠠᠰᠤᠨ ᠲᠤᠷᠰᠢᠲᠠ ᠪᠠᠨ ᠢᠷᠦᠭᠡᠯ ᠮᠠᠭᠳᠠᠭᠠᠯ ᠤᠨ ᠦᠢᠯᠡᠰ ᠲᠤ ᠵᠢᠳᠬᠦᠵᠦ ᠶᠠᠪᠤᠭ᠎ᠠ ᠢᠷᠦᠭᠡᠯᠴᠢ ᠨᠠᠰᠤᠲᠠᠨ
ᠨᠡᠶᠢᠲᠡᠯᠡᠭᠰᠡᠨ ᠴᠠᠭ᠄
2024/3/29
      ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠢᠷᠦᠭᠡᠯ ᠮᠠᠭᠲᠠᠭᠠᠯ  ᠤᠨ ᠤᠯᠠᠮᠵᠢᠯᠠᠭᠴᠢ ᠰᠸ᠊ · ᠳᠡᠯᠭᠡᠷ ᠬᠡᠳᠦᠶᠢᠪᠡᠷ ᠳᠠᠯᠠ ᠶᠢᠨ ᠳᠠᠪᠠᠭ᠎ᠠ ᠶᠢ ᠲᠠᠪᠠᠭᠰᠠᠨ ᠪᠣᠯᠪᠠᠴᠤ ᠦᠷᠭᠦᠯᠵᠢ ᠡᠯ᠎ᠡ ᠲᠦᠷᠦᠯ ᠤᠨ ᠠᠵᠢᠯᠯᠠᠭ᠎ᠠ ᠳᠤ ᠣᠷᠣᠯᠴᠠᠵᠤ ᠵᠠᠯᠠᠭᠤᠴᠤᠳ ᠢ ᠵᠢᠯᠤᠭᠤᠳᠤᠨ᠂ ᠢᠷᠦᠭᠡᠯ ᠮᠠᠭᠲᠠᠭᠠᠯ ᠢ ᠨᠡᠩ ᠤᠯᠠᠨ ᠬᠥᠮᠥᠨ ᠳᠤ ᠤᠯᠠᠮᠵᠢᠯᠠᠨ ᠵᠠᠯᠭᠠᠮᠵᠢᠯᠠᠬᠤ ᠶᠢ ᠵᠤᠷᠢᠵᠤ ᠶᠠᠪᠤᠨ᠎ᠠ᠃
     ᠢᠷᠦᠭᠡᠯ ᠮᠠᠭᠲᠠᠭᠠᠯ ᠪᠣᠯ ᠮᠣᠩᠭᠤᠯ ᠦᠨᠳᠦᠰᠦᠲᠡᠨ ᠤ ᠠᠮᠠ ᠳᠠᠮᠵᠢᠨ ᠤᠯᠠᠮᠵᠢᠯᠠᠭᠳᠠᠭᠰᠠᠭᠠᠷ ᠢᠷᠡᠭᠰᠡᠨ ᠨᠠᠨᠳᠢᠨ ᠦᠪ ᠪᠤᠯᠬᠤ  ᠶᠤᠮ᠃ ᠲᠡᠷᠡ ᠨᠢ ᠤᠷᠤᠰᠤᠮ᠎ᠠ ᠰᠠᠶᠢᠬᠠᠨ ᠠᠮᠠᠨ ᠮᠠᠭᠲᠠᠭᠠᠯ ᠢᠶᠠᠷ ᠬᠠᠶᠢᠷ᠎ᠠ ᠰᠡᠳᠬᠢᠯᠭᠡ ᠪᠠᠨ ᠢᠯᠡᠳᠬᠡᠵᠦ᠂ ᠡᠬᠡ ᠪᠠᠶᠢᠭᠠᠯᠢ  ᠎ ᠶᠢ ᠪᠢᠰᠢᠷᠡᠨ ᠮᠠᠭᠳᠠᠵᠤ  ᠂ ᠠᠮᠢ ᠨᠠᠰᠤ ᠡᠬᠡ ᠶᠢᠨ ᠬᠠᠶᠢᠷ᠎ᠠ ᠶᠢ ᠮᠠᠭᠲᠠᠨ ᠳᠠᠭᠤᠯᠠᠳᠠᠭ ᠰᠢᠯᠦᠭ ᠤᠨ ᠬᠡᠯᠪᠡᠷᠢ ᠶᠢᠨ ᠨᠢᠭᠡ ᠶᠤᠮ᠃ ᠣᠯᠠᠨ ᠵᠢᠯ ᠤᠨ ᠲᠤᠷᠰᠢ᠂ ᠢᠷᠦᠭᠡᠯ ᠮᠠᠭᠲᠠᠭᠠᠯ ᠨᠢ ᠦᠢ ᠣᠯᠠᠨ ᠠᠷᠠᠳ ᠤᠨ ᠢᠷᠦᠭᠡᠯᠴᠢ ᠶᠢᠨ ᠤᠯᠠᠮᠵᠢᠯᠠᠯ ᠳᠣᠣᠷ᠎ᠠ ᠮᠣᠩᠭᠤᠯ ᠦᠨᠳᠦᠰᠦᠲᠡᠨ ᠤ ᠴᠢᠬᠤᠯᠠ ᠶᠡᠭᠡ ᠶᠣᠰᠣᠯᠠᠯ ᠤᠨ ᠠᠵᠢᠯᠯᠠᠭ᠎ᠠ ᠶᠢᠨ ᠳᠤᠲᠠᠭᠳᠠᠵᠤ ᠪᠣᠯᠣᠰᠢ ᠦᠭᠡᠢ  ᠪᠦᠷᠢᠯᠳᠦᠭᠦᠨ ᠬᠡᠰᠡᠭ ᠪᠣᠯᠵᠤ᠂ 2010 ᠣᠨ ᠳᠤ ᠭᠤᠷᠪᠠᠳᠤᠭᠠᠷ ᠪᠦᠯᠦᠭ ᠤᠨ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷ᠎ᠡ ᠳᠤ ᠵᠢᠭᠰᠠᠭᠠᠭᠳᠠᠵᠠᠢ᠃
     ᠰᠸ᠊·ᠳᠡᠯᠭᠡᠷ1949 ᠣᠨ ᠳᠤ ᠵᠡᠭᠦᠨ ᠦᠵᠦᠮᠦᠴᠢᠨ ᠬᠤᠰᠢᠭᠤᠨ ᠤ ᠰᠠᠮᠠᠢ ᠰᠤᠮᠤᠨ ᠤ ᠪᠠᠶ᠋ᠬᠠᠤᠪᠤᠭ᠎ᠠ ᠭᠠᠴᠠᠭᠠᠨ ᠳᠤ ᠲᠦᠷᠦᠵᠤ᠂ ᠬᠠᠷᠠᠬᠠᠨ ᠪᠠᠭ᠎ᠠ ᠠᠴᠠ ᠪᠠᠨ ᠢᠷᠦᠭᠡᠯ ᠮᠠᠭᠲᠠᠭᠠᠯ ᠳᠤ ᠮᠠᠰᠢ ᠶᠡᠭᠡ ᠳᠤᠷ᠎ᠠ ᠰᠣᠨᠢᠷᠬᠠᠯ ᠲᠠᠢ ᠪᠠᠶᠢᠵᠤ᠂ 15 ᠨᠠᠰᠣᠲᠠᠢ ᠳᠠᠭᠠᠨ ᠵᠢᠩᠬᠢᠨᠢ ᠪᠠᠷ ᠪᠠᠭᠰᠢ ᠪᠠᠷᠢᠵᠤ ᠢᠷᠦᠭᠡᠯ ᠰᠣᠷᠴᠣ᠂ ᠢᠷᠦᠭᠡᠯ ᠬᠡᠯᠡᠬᠦ ᠦᠢᠯᠡᠰ ᠢᠶᠠᠨ ᠡᠬᠢᠯᠡᠭᠦᠯᠦᠭᠰᠡᠨ ᠪᠠᠶᠢᠨ᠎ᠠ᠃ ᠲᠡᠷᠡ ᠠᠬᠠᠮᠠᠳ ᠦᠶ᠎ᠡ  ᠎ ᠶᠢᠨ ᠬᠢᠨ ᠤ ᠬᠠᠮᠢᠶ᠎ᠠ ᠪᠦᠬᠦᠢ ᠮᠠᠲ᠋ᠧᠷᠢᠶᠠᠯ  ᠎ ᠢ ᠰᠣᠷᠣᠯᠴᠠᠨ᠂ ᠠᠮᠢᠳᠤᠷᠠᠯ ᠤᠨ ᠦᠢᠯᠡᠳᠦᠯᠭᠡ ᠪᠠ ᠬᠠᠮᠢᠶ᠎ᠠ ᠪᠦᠬᠦᠢ ᠲᠡᠮᠳᠡᠭᠯᠡᠯ ᠲᠠᠢ ᠤᠶᠠᠯᠳᠤᠭᠤᠯᠵᠤ᠂ ᠴᠢᠷᠮᠠᠶᠢᠨ ᠰᠤᠷᠤᠯᠴᠠᠵᠤ  ᠰᠤᠳᠤᠯᠤᠨ᠂  ᠡᠯ᠎ᠠ ᠲᠦᠷᠦᠯ ᠤᠨ ᠰᠣᠶᠣᠯ ᠤᠨ ᠠᠵᠢᠯᠯᠠᠭ᠎ᠠ ᠳᠤ ᠣᠷᠣᠯᠴᠠᠬᠤ ᠪᠠᠷ ᠳᠠᠮᠵᠢᠨ ᠢᠷᠦᠭᠡᠯ ᠮᠠᠭᠲᠠᠭᠠᠯ ᠤᠨ ᠷᠢᠳᠢ ᠰᠢᠳᠢ ᠶᠢ ᠬᠠᠷᠠᠭᠤᠯᠵᠤ᠂ ᠣᠯᠠᠨ ᠲᠦᠮᠡᠨ ᠢ ᠪᠣᠳᠠᠰ ᠤᠨ ᠪᠤᠰᠤ ᠰᠣᠶᠣᠯ ᠤᠨ ᠥᠪ ᠤᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠭᠠᠵᠠᠢ᠃
     ᠶᠠᠮᠠᠷ ᠨᠢᠭᠡ ᠶᠠᠭᠤᠮ᠎ᠠ ᠶᠢ ᠬᠢᠬᠦ ᠳᠡᠭᠡᠨ ᠬᠦᠮᠦᠨ ᠬᠡᠵᠢᠶᠡᠲᠡ ᠲᠡᠭᠦᠨ ᠢ ᠪᠠᠨ ᠦᠭᠡᠳᠡᠯᠡᠭᠦᠯᠦᠶ᠎ᠡ ᠬᠦᠭᠵᠢᠭᠦᠯᠦᠶ᠎ᠡ ᠭᠡᠵᠦ ᠴᠢᠷᠮᠠᠶᠢᠳᠠᠭ᠂ ᠰᠸ᠊·ᠳᠡᠯᠭᠡᠷ ᠢᠷᠦᠭᠡᠯ ᠮᠠᠭᠲᠠᠭᠠᠯ ᠤᠨ ᠤᠷᠤᠯᠳᠤᠭᠠᠨ ᠳᠤ ᠬᠠᠨᠳᠢᠪ ᠡᠷᠭᠦᠭᠦ᠂ ᠭᠠᠷᠠᠭ ᠤᠨ ᠰᠡᠭᠦᠯᠴᠢ ᠳᠤ ᠬᠡᠦᠬᠡᠳ ᠤᠳ ᠲᠤ ᠬᠢᠴᠢᠶᠡᠯ ᠣᠷᠣᠬᠤ ᠵᠡᠷᠭᠡ ᠠᠷᠭ᠎ᠠ ᠬᠡᠯᠪᠡᠷᠢ ᠪᠠᠷ ᠢᠷᠡᠭᠡᠳᠦᠢ ᠬᠤᠶᠢᠴᠢ ᠦᠶ᠎ᠡ ᠎ ᠶᠢᠨ ᠢᠶᠠᠨ ᠢᠷᠦᠭᠡᠯᠴᠢ ᠶᠢ ᠬᠥᠮᠥᠵᠢᠭᠦᠯᠵᠦ᠂ ᠪᠣᠳᠠᠰ ᠤᠨ ᠪᠤᠰᠤ ᠰᠣᠶᠣᠯ ᠤᠨ ᠥᠪ ᠪᠤᠯᠬᠤ ᠢᠷᠦᠭᠡᠯ ᠮᠠᠭᠲᠠᠭᠠᠯ ᠢ ᠦᠶ᠎ᠡ ᠶᠢᠨ ᠦᠶ᠎ᠡ ᠳᠡᠭᠡᠨ ᠤᠯᠠᠮᠵᠢᠯᠠᠨ ᠵᠠᠯᠭᠠᠮᠵᠢᠯᠠᠵᠤ᠂ ᠢᠷᠦᠭᠡᠯ ᠮᠠᠭᠲᠠᠭᠠᠯ ᠤᠨ ᠭᠡᠷᠡᠯ ᠭᠢᠯᠪᠠᠭ᠎ᠠ ᠪᠠᠨ ᠲᠠᠬᠢᠨ ᠰᠠᠴᠤᠷᠠᠭᠤᠯᠬᠤ ᠶᠢ ᠵᠣᠷᠢᠭᠰᠠᠭᠠᠷ ᠢᠷᠡᠭᠰᠡᠨ ᠪᠢᠯᠡ᠃
  ᠬᠤᠶᠢᠴᠢ ᠦᠶ᠎ᠡ ᠶᠢᠨ ᠢᠶᠠᠨ ᠢᠷᠦᠭᠡᠯᠴᠢ ᠶᠢᠨ ᠰᠤᠷᠤᠯᠴᠠᠯᠭ᠎ᠠ ᠳᠤ ᠲᠦᠭᠦᠮ ᠦᠵᠡᠭᠦᠯᠬᠦ ᠶᠢᠨ ᠲᠥᠯᠥᠭᠡ᠂ ᠰᠸ᠊· ᠳᠡᠯᠭᠡᠷ ᠡᠯ᠎ᠡ ᠰᠣᠨᠢᠨ ᠰᠡᠳᠬᠦᠯ ᠳᠡᠭᠡᠷ᠎ᠡ ᠨᠡᠶᠢᠲᠡᠯᠡᠭᠦᠯᠵᠦ ᠥᠩᠭᠡᠷᠡᠭᠰᠡᠨ ᠥᠪᠡᠷ ᠤᠨ ᠪᠦᠲᠦᠭᠡᠯ ᠤᠳ ᠢᠶᠠᠨ ᠡᠮᠬᠢᠳᠬᠡᠨ ᠴᠤᠭᠯᠠᠭᠤᠯᠵᠤ᠂ ︽ᠤᠶᠠᠩᠭ᠎ᠠ ᠢᠷᠠᠭᠤ ᠰᠡᠳᠬᠢᠯ ᠤᠨ ᠬᠤᠷᠤᠢ︾ ᠭᠡᠬᠦ ᠨᠣᠮ ᠪᠣᠯᠭᠠᠨ ᠬᠡᠪᠯᠡᠭᠦᠯᠪᠡ᠃ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠢᠷᠦᠭᠡᠯ ᠮᠠᠭᠲᠠᠭᠠᠯ ᠤᠨ ᠤᠯᠠᠮᠵᠢᠯᠠᠭᠴᠢ ᠪᠣᠯᠤᠭᠰᠠᠨ ᠤ ᠬᠤᠪᠢ ᠳᠤ᠂  ᠰᠸ᠊· ᠳᠡᠯᠭᠡᠷ ᠤᠨ ᠤᠯᠠᠮᠵᠢᠯᠠᠯᠲᠤ ᠰᠣᠶᠣᠯ ᠳᠠᠬᠢ ᠬᠠᠶᠢᠷ᠎ᠠ ᠰᠡᠳᠬᠢᠯᠭᠡ ᠨᠢ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠳᠤ ᠬᠡᠪ ᠳᠠᠭᠤᠷᠢᠶᠠᠯ ᠪᠣᠯᠤᠭᠰᠠᠨ ᠶᠤᠮ᠃ ᠲᠡᠭᠦᠨ ᠤ ᠳᠠᠭᠠᠭᠤᠯᠭ᠎ᠠ ᠪᠠᠷ᠂ ᠡᠨᠡᠬᠦ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠨᠢ  ᠯᠠᠪᠲᠠᠢ ᠦᠷᠭᠦᠯᠵᠢᠯᠡᠨ ᠤᠯᠠᠮᠵᠢᠯᠠᠭᠳᠠᠨ ᠬᠥᠭᠵᠢᠵᠦ᠂ ᠨᠡᠶᠢᠭᠡᠮ ᠳᠤ ᠨᠡᠩ ᠣᠯᠠᠨ ᠰᠣᠶᠣᠯ ᠤᠨ ᠠᠮᠢᠵᠢᠷᠠᠯ ᠤᠨ ᠬᠦᠴᠦᠨ ᠨᠡᠮᠡᠷᠢᠯᠡᠬᠦ ᠨᠢ ᠯᠠᠪᠲᠠᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号