ᠮᠠᠨ ᠤ ᠬᠤᠰᠢᠭᠤᠨ ᠤ ᠰᠤᠷᠤᠭᠴᠢᠳ ᠣᠯᠣᠰ ᠤᠨ ᠳᠡᠰ ᠤᠨ ᠱᠠᠩᠨᠠᠯ ᠲᠤᠰᠪᠠ
ᠨᠡᠶᠢᠲᠡᠯᠡᠭᠰᠡᠨ ᠴᠠᠭ᠄
2024/3/29
      2023 ᠤᠨ ᠤ ᠨᠢᠭᠡ ᠪᠦᠰᠡ ᠨᠢᠭᠡ ᠵᠠᠮ ᠵᠢᠴᠢ ᠠᠯᠲᠠᠨ ᠲᠤᠭᠤᠰᠬᠠᠲᠤ ᠤᠯᠤᠰ ᠤᠨ ᠤᠷ᠎ᠠ ᠮᠡᠷᠭᠡᠵᠢᠯ ᠤᠨ ᠬᠦᠭᠵᠢᠯᠲᠡ ᠪᠤᠯᠤᠨ ᠮᠡᠷᠭᠡᠵᠢᠯ ᠤᠨ ᠰᠢᠨ᠎ᠡ ᠶᠢ ᠡᠭᠦᠳᠬᠦ ᠤᠷᠤᠯᠳᠤᠭᠠᠨ ᠤ ︽ᠲᠤᠭᠠᠴᠢᠯᠠᠭᠰᠠᠨ ᠪᠡᠶ᠎ᠡ ᠲᠠᠮᠢᠷ ᠤᠨ ᠬᠦᠳᠡᠯᠭᠡᠭᠡᠨ ᠤ ᠰᠢᠮ᠎ᠡ ᠲᠡᠵᠢᠭᠡᠯ ᠤᠨ ᠵᠥᠪᠯᠡᠯᠭᠡ ᠪᠠ ᠵᠢᠯᠤᠭᠤᠳᠤᠯᠭ᠎ᠠ︾᠎ ᠶᠢᠨ ᠤᠷᠤᠯᠳᠤᠭᠠᠨ ᠨᠢ  ᠤᠷᠴᠢᠮᠠᠬᠠᠨ ᠭᠤᠸᠠᠩᠵᠸᠦ ᠬᠤᠲᠠ ᠳᠤ ᠠᠮᠵᠢᠯᠲᠠ ᠲᠠᠢ ᠶᠠᠪᠤᠭᠳᠠᠭᠰᠠᠨ ᠪᠠᠶᠢᠨ᠎ᠠ᠃
     ᠮᠠᠨ ᠤ ᠬᠤᠰᠢᠭᠤᠨ ᠤ ᠶᠡᠷᠦᠩᠬᠡᠶᠢᠯᠡᠭᠰᠡᠨ ᠳᠡᠭᠡᠲᠦ ᠵᠡᠷᠭᠡ ᠶᠢᠨ ᠳᠤᠮᠲᠠᠲᠦ ᠰᠤᠷᠭᠠᠭᠤᠯᠢ ᠶᠢᠨ ᠪᠡᠶ᠎ᠡ ᠲᠠᠮᠢᠷ        ︵ᠪᠦᠬᠡ︶᠎ ᠤᠨ ᠲᠤᠰᠬᠠᠢ ᠮᠡᠷᠭᠡᠵᠢᠯ ᠤᠨ ᠰᠤᠷᠤᠭᠴᠢ ᠡᠷᠬᠢᠮ᠂ ᠰᠦᠨᠳᠠᠯᠠᠢ᠂ ᠰᠢᠨᠠᠪᠠᠭᠠᠲᠤᠷ ᠭᠤᠷᠪᠠ ᠵᠢᠯᠤᠭᠤᠳᠤᠭᠴᠢ ᠪᠠᠭᠰᠢ ᠴᠤᠭᠲᠤ ᠶᠢᠨ ᠳᠠᠭᠠᠭᠤᠯᠭ᠎ᠠ ᠪᠠᠷ ᠪᠦᠬᠦ ᠤᠷᠤᠨ ᠠᠴᠠ ᠴᠤᠷ ᠤᠨ ᠭᠠᠭᠴᠠ ᠤᠯᠤᠰ ᠤᠨ ᠲᠡᠰ ᠤᠨ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠳᠤ ᠣᠷᠤᠯᠴᠠᠭᠰᠠᠨ ᠳᠤᠮᠳᠠᠲᠦ ᠵᠡᠷᠭᠡ ᠶᠢᠨ ᠠᠵᠢᠯ ᠮᠡᠷᠭᠡᠵᠢᠯ ᠤᠨ ᠰᠤᠷᠤᠭᠴᠢ ᠶᠢᠨ ᠲᠦᠯᠦᠭᠡᠯᠡᠭᠴᠢᠳ ᠤᠨ ᠠᠩᠭᠢ ᠶᠢᠨ ᠬᠤᠪᠢ ᠪᠠᠷ ᠣᠷᠣᠯᠴᠠᠵᠤ᠂ ᠰᠢᠯᠢᠳᠡᠭ ᠬᠢᠷᠢ ᠪᠦᠳᠤᠮᠵᠢ ᠪᠠᠷ ᠢᠶᠠᠨ ᠤᠯᠠᠨ ᠢᠶᠠᠨ ᠪᠠᠶᠠᠰᠬᠠᠯ᠎ᠠ᠃ 4 ᠡᠳᠦᠷ ᠤᠨ ᠲᠤᠷᠰᠢᠬᠢ ᠬᠤᠷᠴᠠ ᠰᠢᠷᠦᠭᠦᠨ ᠦᠷᠢᠰᠦᠯᠳᠦᠭᠡᠨ ᠢᠶᠠᠷ ᠳᠠᠮᠵᠢᠭᠠᠳ ᠡᠷᠬᠢᠮ ᠭᠤᠷᠪᠠᠳᠤᠭᠠᠷ ᠳᠡᠰ ᠲᠤ ᠳᠤᠳᠤᠷᠠᠨ᠂  ᠰᠦᠨᠳᠠᠯᠠᠢ᠂ ᠰᠢᠨᠠᠪᠠᠭᠠᠲᠤᠷ  ᠲᠤᠰ ᠲᠤᠰ ᠰᠢᠯᠢᠳᠡᠭ ᠳᠡᠰ ᠤᠨ ᠱᠠᠩᠨᠠᠯ ᠬᠦᠷᠳᠡᠭᠰᠡᠨ ᠪᠠᠶᠢᠨ᠎ᠠ᠃
     ᠲᠣᠰ ᠤᠳᠠᠭᠠᠨ ᠤ ᠤᠷᠤᠯᠳᠤᠭᠠᠨ ᠨᠢ ᠰᠣᠷᠣᠭᠴᠢ ᠶᠢᠨ ᠤᠷ᠎ᠠ ᠮᠡᠷᠭᠡᠵᠢᠯ ᠤᠨ ᠬᠢᠷᠢ ᠲᠦᠪᠰᠢᠨ ᠤ ᠰᠢᠯᠭᠠᠯᠲᠠ ᠪᠣᠯᠬᠤ ᠪᠠᠷ ᠪᠠᠷᠠᠬᠤ ᠦᠭᠡᠢ᠂ ᠨᠠᠩ ᠴᠤ ᠰᠤᠷᠭᠠᠭᠤᠯᠢ ᠶᠢᠨ  ᠬᠦᠷᠢᠶᠡᠨ ᠤ ᠴᠢᠳᠠᠪᠤᠷᠢᠲᠠᠨ ᠢ ᠬᠥᠮᠥᠵᠢᠭᠦᠯᠬᠦ‍ ᠨᠢᠭᠡ ᠤᠳᠠᠭᠠᠨ ᠤ ᠪᠥᠬᠦ ᠲᠠᠯ᠎ᠠ ᠶᠢᠨ ᠦᠵᠡᠭᠦᠯᠦᠯᠭᠡ ᠪᠣᠯᠬᠤ ᠶᠤᠮ᠃ ᠮᠠᠨ ᠤ ᠬᠤᠰᠢᠭᠤᠨ ᠤ ᠶᠡᠷᠦᠩᠬᠡᠶᠢᠯᠡᠭᠰᠡᠨ ᠳᠡᠭᠡᠲᠦ ᠵᠡᠷᠭᠡ ᠶᠢᠨ ᠳᠤᠮᠳᠠᠳᠤ ᠰᠤᠷᠭᠠᠭᠤᠯᠢ ᠨᠢ ᠴᠢᠳᠠᠪᠤᠷᠢᠲᠠᠨ ᠬᠥᠮᠥᠵᠢᠭᠦᠯᠬᠦ ᠲᠠᠯ᠎ᠠ ᠪᠠᠷ ᠲᠠᠰᠤᠷᠠᠯᠲᠠ ᠦᠭᠡᠢ ᠲᠣᠬᠢᠷᠠᠭᠤᠯᠤᠯᠲᠠ ᠬᠢᠵᠦ᠂ ᠪᠣᠳᠠᠲᠠᠢ ᠦᠢᠯᠡᠳᠦᠯᠭᠡ ᠪᠠᠷ ᠤᠳᠤᠷᠢᠳᠤᠮᠵᠢ ᠪᠣᠯᠭᠠᠨ᠂ ᠰᠤᠷᠤᠭᠴᠢᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠪᠠ ᠶᠡᠷᠦᠩᠬᠡᠢ ᠬᠡᠪ ᠴᠢᠨᠠᠷ ᠢ ᠳᠡᠭᠡᠭᠰᠢᠯᠡᠭᠦᠯᠦᠭᠰᠡᠭᠡᠷ ᠢᠷᠡᠭᠰᠡᠨ ᠪᠠᠶᠢᠨ᠎ᠠ᠃ ᠮᠦᠨ ᠴᠤ ᠨᠡᠶᠢᠭᠡᠮ ᠤᠨ ᠠᠵᠤ ᠠᠬᠤᠢ ᠶᠢᠨ ᠬᠡᠷᠡᠭᠴᠡᠭᠡ ᠳᠤ ᠵᠣᠬᠢᠴᠠᠭᠰᠠᠨ ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ ᠤᠨ ᠴᠢᠳᠠᠪᠤᠷᠢᠲᠠᠨ ᠢ ᠬᠦᠮᠦᠵᠢᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠬᠤᠶᠢᠰᠢᠲᠠ᠂ ᠲᠤᠰᠬᠠᠢ ᠮᠡᠷᠭᠡᠵᠢᠯ ᠤᠨ ᠪᠠᠶᠢᠭᠤᠯᠤᠯᠲᠠ ᠪᠠ ᠴᠢᠳᠠᠪᠤᠷᠢᠲᠠᠨ ᠢ ᠬᠥᠮᠥᠵᠢᠭᠦᠯᠬᠦ ᠪᠠᠨ ᠦᠷᠭᠦᠯᠵᠢᠯᠡᠨ ᠴᠢᠩᠭᠠᠳᠬᠠᠵᠤ᠂ ᠨᠠᠩ ᠣᠯᠠᠨ ᠥᠨᠳᠥᠷ ᠬᠡᠪ ᠴᠢᠨᠠᠷ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠳᠤ ᠬᠤᠪᠢ ᠨᠡᠮᠡᠷᠢ ᠦᠵᠡᠭᠦᠯᠬᠦ ᠪᠣᠯᠣᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号