ᠵᠡᠭᠦᠨ ᠬᠠᠲᠠᠪᠴᠢ ᠪᠣᠭᠤᠮᠲᠠ ᠶᠢᠨ ᠰᠢᠨ᠎ᠡ ᠪᠠᠷ ᠪᠠᠶᠢᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠵᠠᠮ ᠠᠰᠢᠭᠯᠠᠯᠲᠠ ᠳᠤ ᠣᠷᠤᠪᠠ
ᠨᠡᠶᠢᠲᠡᠯᠡᠭᠰᠡᠨ ᠴᠠᠭ᠄
2024/3/29
      3 ᠰᠠᠷ᠎ᠠ ᠶᠢᠨ 13᠎ ᠤ ᠡᠳᠦᠷ ᠤᠨ ᠦᠳᠡ ᠶᠢᠨ ᠡᠮᠦᠨ᠎ᠡ᠂ ᠵᠡᠭᠦᠨ ᠬᠠᠳᠠᠪᠴᠢ ᠪᠣᠭᠤᠮᠲᠠ ᠶᠢᠨ ᠰᠢᠨ᠎ᠡ ᠪᠠᠷ ᠪᠠᠶᠢᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠵᠠᠮ ᠢ ᠡᠬᠢᠯᠡᠵᠦ ᠬᠡᠷᠡᠭᠯᠡᠬᠦ ᠶᠣᠰᠤᠯᠠᠯ ᠵᠡᠭᠦᠨ ᠬᠠᠳᠠᠪᠴᠢ ᠪᠤᠭᠤᠮᠲᠠ ᠳᠤ ᠶᠠᠪᠤᠭᠳᠠᠵᠠᠢ᠃
     ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ᠂ ᠬᠤᠰᠢᠭᠤ ᠠᠷᠠᠳ ᠤᠨ ᠲᠥᠯᠥᠭᠡᠯᠡᠭᠴᠢᠳ‌‍ᠦᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ᠂  ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠥᠩᠬᠡ ᠵᠡᠷᠭᠡ ᠤᠳᠤᠷᠢᠳᠤᠯᠭ᠎ᠠ ᠶᠣᠰᠣᠯᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠦᠢ ᠶᠢᠩ ᠵᠢᠶᠠᠨ ᠶᠣᠰᠣᠯᠠᠯ ᠢ ᠡᠷᠭᠢᠯᠡᠪᠡ᠃
     ᠬᠢᠩᠭᠠᠨ ᠪᠣᠭᠤᠮᠲᠠ ᠶᠢᠨ ᠰᠢᠨ᠎ᠡ ᠪᠠᠷ ᠪᠠᠶᠢᠭᠤᠯᠤᠭᠰᠠᠨ ᠪᠠᠷᠠᠭᠠᠨ ᠤ ᠳᠡᠭᠡᠭᠡᠪᠦᠷᠢ ᠶᠢᠨ ᠵᠠᠮ ᠵᠢᠩᠬᠢᠨᠢ ᠪᠠᠷ ᠠᠰᠢᠭᠯᠠᠯᠲᠠ ᠳᠤ ᠣᠷᠣᠭᠰᠠᠨ ᠢ ᠵᠠᠷᠯᠠᠪᠠ᠃
     ᠵᠧᠦ ᠢᠦᠢ ᠯᠦᠩ ᠪᠠᠶᠠᠷ ᠤᠨ ᠶᠠᠷᠢᠶ᠎ᠠ ᠲᠠᠯᠪᠢᠵᠠᠢ᠃
     ᠵᠡᠭᠦᠨ ᠦᠵᠦᠮᠦᠴᠢᠨ ᠪᠣᠭᠤᠮᠲᠠ ᠪᠤᠯᠣᠨ ᠵᠡᠭᠦᠨ ᠬᠠᠲᠠᠪᠴᠢ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ ᠬᠠᠷᠢᠭᠤᠴᠠᠯᠭᠠᠳᠠᠨ ᠠᠴᠠ ᠶᠤᠰᠤᠯᠠᠯ ᠳᠤ ᠲᠤᠰ ᠲᠤᠰ ᠶᠠᠷᠢᠶ᠎ᠠ ᠲᠠᠯᠪᠢᠵᠠᠢ᠃
     ᠣᠶᠢᠷ᠎ᠠ ᠶᠢᠨ ᠵᠢᠯ ᠳᠤ᠂ ᠵᠡᠭᠦᠨ ᠦᠵᠦᠮᠦᠴᠢᠨ ᠬᠤᠰᠢᠭᠤ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠎ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠵᠡᠭᠦᠨ ᠬᠠᠲᠠᠪᠴᠢ ᠪᠣᠭᠤᠮᠲᠠ ᠶᠢᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠣᠭᠤᠮᠲᠠ ᠶᠢᠨ ᠰᠠᠭᠤᠷᠢ ᠳᠥᠬᠦᠭᠡᠷᠥᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠪᠣᠭᠤᠮᠲᠠ ᠪᠠᠷ ᠥᠩᠭᠡᠷᠡᠬᠦ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠪᠡ᠃ 2023 ᠣᠨ ᠳᠤ ᠵᠡᠭᠦᠨ ᠬᠠᠲᠠᠪᠴᠢ ᠪᠣᠭᠤᠮᠲᠠ ᠶᠢᠨ ᠪᠥᠬᠦ ᠵᠢᠯ ᠤᠨ ᠪᠤᠭᠤᠮᠲᠠ ᠪᠠᠷ ᠥᠩᠭᠡᠷᠡᠭᠰᠡᠨ ᠪᠠᠷᠠᠭᠠᠨ ᠤ ᠬᠡᠮᠵᠢᠶ᠎ᠡ 270 ᠲᠦᠮᠡᠨ ᠲᠣᠨ ᠢ ᠳᠠᠪᠠᠵᠤ᠂ ᠲᠡᠦᠬᠡ ᠶᠢᠨ ᠬᠠᠮᠤᠭ ᠤᠨ ᠥᠨᠳᠥᠷ ᠬᠡᠮᠵᠢᠭᠳᠡᠯ ᠲᠠᠢ ᠬᠠᠷᠢᠴᠠᠭᠤᠯᠪᠠᠯ 77.6%᠎ ᠪᠠᠷ ᠨᠡᠮᠡᠭᠳᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠤᠰᠬᠠᠢ ᠮᠡᠷᠭᠡᠵᠢᠯ ᠤᠨ ᠪᠣᠭᠤᠮᠲᠠ ᠪᠠᠷ ᠵᠢᠭᠰᠠᠭᠠᠭᠳᠠᠪᠠ᠃ ᠰᠢᠨ᠎ᠡ ᠪᠠᠷ ᠪᠠᠶᠢᠭᠤᠯᠤᠭᠰᠠᠨ ᠪᠠᠷᠠᠭᠠᠨ ᠤ ᠲᠡᠭᠡᠭᠡᠪᠦᠷᠢ ᠶᠢᠨ ᠵᠠᠮ ᠢ ᠡᠬᠢᠯᠡᠵᠦ ᠬᠡᠷᠡᠭᠯᠡᠭᠰᠡᠨ ᠤ ᠳᠠᠷᠠᠭ᠎ᠠ᠂ ᠪᠣᠭᠤᠮᠲᠠ ᠪᠠᠷ ᠥᠩᠭᠡᠷᠡᠬᠦ ᠬᠤᠷᠳᠤᠴᠠ ᠨᠡᠮᠡᠭᠳᠡᠨ᠂ ᠠᠶᠠᠨᠴᠢᠳ ᠤᠨ ᠪᠠ ᠪᠠᠷᠠᠭᠠᠨ ᠤ ᠵᠦᠢᠯ ᠢ ᠰᠠᠯᠭᠠᠨ ᠲᠠᠰ ᠳᠡᠪᠰᠢᠭᠦᠯᠬᠦ ᠪᠠ ᠪᠥᠬᠦ ᠲᠠᠯ᠎ᠠ ᠪᠠᠷ ᠣᠶᠤᠨᠴᠢ ᠪᠠᠷ ᠪᠣᠭᠤᠮᠲᠠ ᠪᠠᠷ ᠥᠩᠭᠡᠷᠡᠬᠦ ᠶᠢ ᠪᠡᠶᠡᠯᠡᠭᠦᠯᠵᠦ᠂ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠴᠢᠳᠠᠪᠤᠷᠢ ᠪᠠ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢᠨ ᠳᠠᠬᠢᠨ ᠢᠶᠠᠷ ᠨᠡᠮᠡᠭᠳᠡᠬᠦ ᠶᠢ ᠠᠬᠢᠭᠤᠯᠬᠤ ᠪᠣᠯᠣᠨ᠎ᠠ᠃      ᠳᠠᠷᠠᠭᠠᠴᠢ ᠶᠢᠨ ᠠᠯᠬᠤᠮ ᠳᠤ᠂ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠎ ᠤᠨ ᠣᠷᠳᠣᠨ ᠪᠣᠭᠤᠮᠲᠠ ᠶᠢᠨ ᠳᠠᠪᠠᠭᠤᠯᠢᠭ ᠪᠣᠯᠣᠨ‌ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂           ︽ᠨᠡᠭᠦᠷᠡᠰᠦᠨ ᠤ ᠨᠥᠭᠡᠴᠡ᠂ ᠵᠠᠮ ᠨᠡᠭᠡᠭᠡᠬᠦ᠂ ᠣᠷᠣᠨ ᠪᠦᠰᠡ ᠶᠢᠨ ᠬᠠᠮᠵᠢᠯᠴᠠᠭ᠎ᠠ᠂ ᠬᠢᠯᠢ ᠳᠠᠭᠠᠭᠰᠠᠨ ᠠᠶᠠᠯᠠᠯ ᠵᠢᠭᠤᠯᠴᠢᠯᠠᠯ︾ ᠵᠡᠷᠭᠡ ᠤᠯᠤᠰ ᠤᠨ ᠭᠤᠣᠯᠳᠠᠯᠭ᠎ᠠ ᠲᠠᠢ ᠳᠡᠮᠵᠢᠬᠦ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠭᠤᠮᠲᠠ ᠶᠢᠨ ᠰᠠᠭᠤᠷᠢ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠲᠡᠮᠦᠷ ᠵᠠᠮ ᠤᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠬᠡᠷᠡᠭᠵᠢᠭᠦᠯᠵᠦ᠂ ᠪᠣᠭᠤᠮᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠢ ᠬᠦᠭᠵᠢᠭᠦᠯᠦᠨ ᠪᠤᠳᠠᠲᠠᠶᠢᠵᠢᠭᠤᠯᠵᠤ᠂ ᠪᠣᠭᠤᠮᠲᠠ ᠪᠠᠷ ᠥᠩᠭᠡᠷᠡᠬᠦ ᠴᠢᠳᠠᠪᠤᠷᠢ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠠᠩ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠴᠢᠷᠮᠠᠶᠢᠨ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠨᠡᠭᠡᠭᠡᠵᠦ᠂ ᠳᠤᠮᠳᠠ ᠲᠥᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠪᠤᠯᠤᠨ᠎ᠠ᠃      ᠵᠡᠭᠦᠨ ᠦᠵᠦᠮᠦᠴᠢᠨ ᠪᠣᠭᠤᠮᠲᠠ᠂ ᠵᠡᠭᠦᠨ ᠬᠠᠲᠠᠪᠴᠢ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠎ ᠶᠢᠨ ᠪᠠᠶᠢᠴᠠᠭᠠᠬᠤ ᠥᠷᠲᠡᠭᠡ᠂ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠭᠡᠷ᠂ ᠪᠣᠭᠤᠮᠲᠠ ᠶᠢᠨ ᠬᠠᠮᠢᠶᠠᠷᠤᠯᠲᠠ ᠶᠢᠨ ᠵᠥᠪᠯᠡᠯ᠂ ᠬᠠᠲᠠᠪᠴᠢ ᠪᠠᠯᠭᠠᠰᠤᠨ ᠤ ᠭᠤᠣᠯ ᠬᠠᠷᠢᠭᠤᠴᠠᠯᠭᠠᠲᠠᠨ ᠵᠢᠴᠢ ᠬᠢᠨᠠᠨ ᠬᠠᠮᠢᠶᠠᠷᠬᠤ ᠭᠠᠵᠠᠷ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠲᠥᠯᠥᠭᠡᠯᠡᠭᠴᠢ ᠶᠣᠰᠣᠯᠠᠯ ᠳᠤ ᠣᠷᠣᠯᠴᠠᠵᠠᠢ᠃      ︽ᠥᠨᠥᠳᠥᠷ ︿ᠳᠥᠷᠪᠡ ᠶᠢ ᠣᠷᠣᠭᠤᠯᠵᠤ ᠬᠤᠶᠠᠷ ᠢ ᠭᠠᠷᠭᠠᠬᠤ﹀ ᠪᠠᠷᠠᠭᠠᠨ ᠤ ᠲᠡᠭᠡᠭᠡᠪᠦᠷᠢ ᠶᠢᠨ ᠵᠠᠮ ᠵᠢᠩᠬᠢᠨᠢ ᠪᠠᠷ ᠠᠰᠢᠭᠯᠠᠯᠲᠠ ᠳᠤ ᠣᠷᠣᠭᠰᠠᠨ ᠨᠢ ᠮᠠᠨ ᠤ ᠠᠵᠤ ᠠᠬᠤᠶᠢᠯᠠᠯ ᠳᠤ ᠠᠪᠴᠤ ᠬᠡᠯᠡᠪᠡᠯ ᠲᠤᠶᠢᠯ ᠤᠨ ᠪᠠᠶᠠᠷ ᠲᠠᠢ ᠶᠠᠪᠤᠳᠠᠯ ᠪᠣᠯᠣᠨ᠎ᠠ᠂ ᠮᠠᠨ ᠤ ᠵᠢᠯ ᠪᠦᠷᠢ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠤᠤᠯ ᠨᠢ 20 ᠲᠦᠮᠡᠨ ᠲᠣᠨ ᠠᠴᠠ 30 ᠲᠦᠮᠡᠨ ᠲᠣᠨ ᠳᠤ ᠬᠦᠷᠴᠦ ᠪᠠᠶᠢᠭᠰᠠᠨ᠂ ᠡᠨᠡ ᠵᠢᠯ ᠰᠢᠨ᠎ᠡ ᠵᠠᠮ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ 80 ᠲᠦᠮᠡᠨ ᠲᠣᠨ ᠠᠴᠠ 100 ᠲᠦᠮᠡᠨ ᠲᠣᠨ ᠳᠤ ᠬᠦᠷᠬᠦ ᠪᠣᠯᠣᠮᠵᠢ ᠲᠠᠢ ᠪᠠᠶᠢᠨ᠎ᠠ︾ ᠭᠡᠵᠦ ᠽᠢ ᠲᠦᠸᠧ ᠪᠦᠯᠦᠭᠯᠡᠯ ᠤᠨ ᠮᠣᠩᠭᠤᠯ ᠤᠯᠤᠰ ᠤᠨ ᠲᠠᠯ᠎ᠠ ᠶᠢᠨ ᠲᠤᠬᠠᠶᠢᠯᠠᠭᠰᠠᠨ ᠠᠵᠢᠯ ᠤᠨ ᠬᠠᠷᠢᠭᠤᠴᠠᠯᠭᠠᠲᠠᠨ ᠳ᠋ᠦᠩ ᠢᠦᠢ ᠲᠤᠤ ᠶᠠᠷᠢᠵᠤ ᠪᠠᠶᠢᠯ᠎ᠠ᠃
     ᠵᠡᠭᠦᠨ ᠦᠵᠦᠮᠦᠴᠢᠨ ᠪᠣᠭᠤᠮᠲᠠ ᠶᠢᠨ ᠳᠠᠷᠤᠭ᠎ᠠ ᠳᠠᠪᠰᠢᠯᠲᠤ ᠲᠠᠨᠢᠯᠴᠠᠭᠤᠯᠬᠤ ᠳᠠᠭᠠᠨ᠄ ︽ᠵᠡᠭᠦᠨ ᠬᠠᠲᠠᠪᠴᠢ ᠪᠣᠭᠤᠮᠲᠠ ᠶᠢᠨ ᠰᠢᠨ᠎ᠡ ᠪᠠᠷ ᠪᠦᠲᠦᠭᠡᠨ ᠪᠠᠶᠢᠭᠤᠯᠵᠤ ᠳᠠᠭᠤᠰᠬᠠᠭᠰᠠᠨ ︿ᠳᠥᠷᠪᠡ  ᠎ ᠶᠢ ᠣᠷᠣᠭᠤᠯᠵᠤ ᠬᠤᠶᠠᠷ  ᠎ ᠢ ᠭᠠᠷᠭᠠᠬᠤ﹀ ᠪᠠᠷᠠᠭᠠᠨ ᠤ ᠲᠡᠭᠡᠭᠡᠪᠦᠷᠢ ᠶᠢᠨ ᠵᠠᠮ ᠤᠨ ᠪᠦᠬᠦ ᠣᠷᠳᠣ ᠨᠢ 2000 ᠮᠧᠲᠷ᠂ ᠵᠠᠮ ᠤᠨ ᠲᠠᠯᠠᠪᠠᠶ ᠨᠢ 71000 ᠲᠡᠭᠰᠢ ᠳᠥᠷᠪᠡᠯᠵᠢᠨ ᠮᠧᠲᠷ ᠪᠠᠶᠢᠵᠤ᠂ ᠰᠢᠨ᠎ᠡ ᠪᠠᠷ  ᠪᠠᠶᠢᠭᠤᠯᠤᠭᠰᠠᠨ ᠵᠠᠮ ᠳᠤ ᠪᠠᠷᠠᠭᠠᠨ ᠤ H986 ᠪᠠᠶᠢᠴᠠᠭᠠᠨ ᠬᠡᠮᠵᠢᠬᠦ ᠲᠥᠬᠦᠭᠡᠷᠦᠮᠵᠢ᠂ ᠴᠥᠮ᠎ᠡ ᠶᠢᠨ ᠰᠠᠴᠤᠷᠠᠭ ᠢ ᠬᠠᠶᠢᠨ ᠬᠡᠮᠵᠢᠬᠦ ᠡᠭᠦᠳᠡ ᠵᠢᠴᠢ ᠬᠢᠨᠠᠨ ᠡᠵᠡᠮᠳᠡᠬᠦ ᠵᠢᠯᠤᠭᠤᠳᠬᠤ ᠲᠥᠪ ᠲᠣᠬᠢᠷᠠᠭᠤᠯᠤᠭᠰᠠᠨ ᠪᠣᠯᠬᠤᠷ ᠪᠣᠭᠤᠮᠲᠠ ᠶᠢᠨ ᠠᠷᠠᠯᠵᠢᠶ᠎ᠠ ᠶᠢ ᠨᠡᠩ ᠰᠠᠭᠠᠳ ᠦᠭᠡᠢ᠂ ᠳᠥᠭᠦᠮ ᠳᠥᠲᠡ᠂ ᠠᠮᠤᠷ ᠲᠦᠪᠰᠢᠨ ᠪᠣᠯᠭᠠᠬᠤ ᠪᠣᠯᠣᠨ᠎ᠠ︾ ᠭᠡᠵᠡᠢ᠃      ᠵᠡᠭᠦᠨ ᠬᠠᠳᠠᠪᠴᠢ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡᠨ ᠤ ᠳᠠᠷᠤᠭ᠎ᠠ ᠶᠠ ᠸᠧᠢ ᠶᠠᠷᠢᠬᠤ ᠳᠠᠭᠠᠨ᠄ ︽ᠪᠠᠷᠠᠭᠠᠨ ᠤ ᠲᠡᠭᠡᠭᠡᠪᠦᠷᠢ ᠶᠢᠨ ᠰᠢᠨ᠎ᠡ ᠵᠠᠮ ᠢ ᠨᠡᠪᠲᠡᠷᠡᠭᠦᠯᠦᠭᠰᠡᠨ ᠨᠢ ᠵᠡᠭᠦᠨ ᠬᠠᠲᠠᠪᠴᠢ ᠪᠣᠭᠤᠮᠲᠠ ᠶᠢᠨ ᠥᠨᠳᠥᠷ ᠲᠦᠪᠰᠢᠨ ᠢᠶᠠᠷ ᠨᠡᠭᠡᠭᠡᠯᠲᠡ ᠬᠢᠬᠦ ᠰᠢᠨ᠎ᠡ ᠪᠠᠶᠢᠷᠢᠰᠢᠯ ᠢ ᠪᠠᠶᠢᠭᠤᠯᠬᠤ ᠶᠢᠨ ᠴᠢᠬᠤᠯᠠ ᠨᠢᠭᠡ ᠠᠯᠬᠤᠮ ᠪᠣᠯᠣᠨ᠎ᠠ᠂ ᠵᠡᠭᠦᠨ ᠬᠠᠲᠠᠪᠴᠢ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠦᠷᠳᠡᠭᠡ ︿ᠡᠨᠧᠷᠭᠢ ᠶᠢᠨ ᠪᠣᠭᠤᠮᠲᠠ﹀᠎ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠪᠦᠬᠦ ᠬᠦᠴᠦᠨ ᠢᠶᠠᠷ ᠢᠶᠠᠨ ᠦᠢᠯᠡᠴᠢᠯᠡᠵᠦ᠂ᠠᠷᠠᠳ ᠲᠤ ᠲᠦᠬᠦᠮ ᠦᠵᠡᠭᠦᠯᠵᠦ ᠠᠵᠤ ᠠᠬᠤᠶᠢᠯᠠᠯ ᠳᠤ ᠠᠰᠢᠭᠲᠠᠢ ᠨᠡᠩ ᠤᠯᠠᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠲᠣᠭᠲᠠᠭᠠᠵᠤ᠂ ᠤᠯᠤᠰ ᠤᠨ ᠡᠭᠦᠳᠡ ᠶᠢᠨ ᠠᠮᠤᠷ ᠲᠦᠪᠰᠢᠨ ᠪᠣᠯᠣᠨ ᠪᠣᠭᠤᠮᠲᠠ ᠶᠢᠨ ᠬᠥᠭᠵᠢᠯᠲᠡ ᠶᠢ ᠬᠠᠮᠠᠭᠠᠯᠠᠵᠤ᠂ ᠰᠢᠯᠢ ᠶᠢᠨ ᠭᠤᠣᠯ ᠠᠶᠢᠮᠠᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠥᠨᠳᠥᠷ ᠲᠦᠪᠰᠢᠨ ᠲᠠᠢ ᠨᠡᠭᠡᠭᠡᠯᠲᠡ ᠬᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠪᠣᠯᠣᠨ᠎ᠠ︾  ᠭᠡᠯ᠎ᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号