ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶ᠎ᠠ ︵ᠥᠷᠭᠡᠳᠬᠡᠭᠰᠡᠨ︶  ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/4
      2 ᠳ᠋ᠤᠭᠠᠷ ᠰᠠᠷ᠎ᠠ ᠶᠢᠨ 22 ᠤᠨ ᠡᠳᠦᠷ᠂ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠨᠠᠮ  ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠵᠤ᠂ ᠰᠢᠯᠢ ᠶᠢᠨ ᠭᠤᠤᠯ ᠤᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2023 ᠣᠨ ᠤ ᠠᠵᠢᠯ ᠢ ᠡᠷᠭᠢᠴᠡᠭᠦᠯᠦᠨ ᠳ᠋ᠦᠩᠨᠡᠵᠦ᠂ 2024 ᠣᠨ ᠤ ᠭᠤᠤᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃       ᠬᠤᠰᠢᠭᠤ ᠨᠠᠮ ᠤᠨ ᠬᠤᠷᠢᠶᠠᠨ ᠤ ᠱᠦᠵᠢ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠬᠢᠩᠭᠠᠨ ᠬᠤᠷᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠱᠦᠵᠢ ᠴᠧᠨ ᠽᠠᠢ ᠯᠢᠨ ᠬᠤᠷᠠᠯ ᠢ ᠡᠷᠭᠢᠯᠡᠪᠡ  ᠃      ᠬᠢᠩᠭᠠᠨ ᠵᠢᠭᠠᠬᠤ ᠳᠠᠭᠠᠨ᠂ ᠥᠩᠭᠡᠷᠡᠭᠰᠡᠨ ᠨᠢᠭᠡ ᠵᠢᠯ ᠳᠤ᠂ ᠵᠡᠭᠦᠨ ᠦᠵᠦᠮᠦᠴᠢᠨ ᠬᠤᠰᠢᠭᠤᠨ ᠤ ᠠᠷᠠᠳ  ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠰᠢ ᠶᠢᠨ ᠫᠢᠩ ᠤᠨ ᠴᠡᠷᠢᠭ  ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ  ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠳᠠᠭᠠᠨ ᠲᠤᠭᠤᠰᠢᠯᠠᠭᠤᠯᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠠᠮᠵᠢᠯᠴᠠᠬᠤ᠂ ᠴᠡᠷᠢᠭ ᠠᠩᠬᠢ ᠣᠷᠣᠨ ᠨᠤᠲᠤᠭ ᠬᠠᠮᠵᠢᠯᠴᠠᠬᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠬᠦᠴᠦ ᠪᠠᠨ ᠬᠠᠮᠲᠤᠳᠬᠠᠨ ᠠᠬᠢᠭᠤᠯᠬᠤ ᠬᠤᠶᠠᠷ  ᠢ ᠬᠦᠷᠢᠶᠡᠯᠡᠬᠦ ᠠᠵᠢᠯ ᠤᠨ ᠰᠢᠨ᠎ᠡ ᠪᠠᠶᠢᠳᠠᠯ ᠢ ᠡᠭᠦᠳᠴᠡᠢ ᠭᠡᠪᠡ᠃      ᠬᠢᠩᠭᠠᠨ ᠴᠢᠬᠤᠯᠠᠴᠢᠯᠠᠬᠤ ᠳᠠᠭᠠᠨ᠂ 2024 ᠣᠨ ᠪᠣᠯ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠤᠨ᠎ᠠ᠂ ︿︿ᠠᠷᠪᠠᠨ ᠳᠥᠷᠪᠡᠳᠦᠭᠡᠷ ᠲᠠᠪᠤᠨ ᠵᠢᠯ﹀﹀ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠪᠣᠯᠤᠨ᠎ᠠ᠂ ᠨᠡᠩ ᠴᠤ ᠬᠤᠭᠤᠴᠠᠭ᠎ᠠ ᠶᠣᠰᠣᠭᠠᠷ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠡᠷᠡᠮᠡᠬᠡᠶᠢᠯᠡᠨ ᠤᠷᠤᠭᠰᠢᠯᠠᠬᠤ ᠵᠢᠯ ᠪᠣᠯᠤᠨ᠎ᠠ᠃ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶ᠎ᠠ ᠪᠠᠶᠢᠯᠳᠤᠬᠤ ᠪᠤᠳᠤᠯᠭ᠎ᠠ ᠪᠣᠯᠤᠨ ᠪᠦᠬᠦ ᠲᠠᠯ᠎ᠠ ᠶᠢᠨ ᠦᠨᠳᠦᠷᠴᠡ ᠠᠴᠠ ᠰᠢᠨ᠎ᠡ ᠴᠠᠭ ᠦᠶ᠎ᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠱᠠᠭᠠᠷᠳᠠᠯᠭ᠎ᠠ ᠶᠢ ᠭᠦᠢᠴᠡᠳ ᠲᠠᠨᠢᠵᠤ᠂ ᠳᠤᠮᠳᠠᠳᠤ ᠶᠢᠨ ᠦᠨᠳᠦᠰᠦᠲᠡᠨ  ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠠᠵᠠ ᠲᠣᠬᠢᠶᠠᠯ  ᠢ ᠠᠮᠵᠢᠵᠤ᠂ ᠠᠰᠢᠭᠲᠠᠢ ᠪᠠᠶᠢᠳᠠᠯ ᠢ ᠠᠰᠢᠭᠯᠠᠨ ᠤᠷᠤᠭᠰᠢᠯᠠᠵᠤ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠥᠭᠵᠢᠯᠲᠡ ᠶᠢᠨ ᠰᠢᠨ᠎ᠡ ᠳᠠᠪᠠᠯᠲᠠ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠡᠢ᠃      ᠬᠢᠩᠭᠠᠨ ᠱᠠᠭᠠᠷᠳᠠᠬᠤ ᠳᠠᠭᠠᠨ᠂ ᠲᠤᠭ ᠲᠡᠮᠳᠡᠭ ᠢᠶᠠᠨ ᠲᠤᠪᠤᠶᠢᠯᠭᠠᠨ ᠳᠠᠭᠠᠭᠤᠯᠵᠤ᠂ ᠡᠷᠡᠰ ᠭᠤᠶᠢᠪᠢᠰᠢ ᠦᠭᠡᠢ ᠪᠠᠷ ᠰᠢ ᠶᠢᠨ ᠫᠢᠩ ᠤᠨ ᠴᠡᠷᠢᠭ‌ᠢ ᠬᠦᠴᠦᠷᠬᠡᠭᠵᠢᠭᠦᠯᠬᠦ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠤᠨ᠂ ᠠᠵᠢᠯ ᠢᠶᠠᠨ ᠠᠬᠢᠭᠤᠯᠵᠤ᠂ ᠨᠠᠮ ᠠᠴᠠ ᠵᠡᠪᠰᠡᠭᠲᠦ ᠬᠦᠴᠦᠨ  ᠢ ᠬᠠᠮᠢᠶᠠᠷᠬᠤ ᠠᠵᠢᠯ ᠤᠨ ᠤᠯᠤᠰ ᠲᠦᠷᠦ ᠶᠢᠨ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠬᠦ ᠬᠡᠷᠡᠭᠲᠡᠢ᠃ ᠴᠡᠷᠢᠭ ᠪᠣᠯᠪᠠᠰᠤᠷᠠᠭᠤᠯᠤᠨ ᠳᠠᠶᠢᠨ ᠳᠤ ᠪᠡᠯᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠷᠢᠭ ᠴᠠᠭᠳᠠᠭ᠎ᠠ ᠠᠷᠠᠳ ᠤᠨ ᠪᠣᠳᠠᠲᠤ ᠪᠠᠶᠢᠯᠳᠤᠭᠠᠨ ᠤ ᠰᠣᠷᠢᠯᠲᠠ ᠶᠢ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠰᠢᠯᠢᠳᠡᠭ ᠴᠡᠷᠢᠭ ᠡᠯᠰᠡᠵᠦ᠂ ᠴᠡᠷᠢᠭ ᠠᠩᠭᠢ ᠪᠠ ᠣᠷᠣᠨ ᠨᠤᠲᠤᠭ  ᠤᠨ ᠬᠠᠮᠲᠤᠷᠠᠭᠰᠠᠨ ᠦᠢᠯᠡᠴᠢᠯᠡᠭᠡᠨ ᠤ ᠬᠤᠯᠪᠣᠭᠠᠯᠠᠨ ᠰᠡᠷᠭᠡᠶᠢᠯᠡᠬᠦ ᠲᠣᠭᠲᠠᠴᠠ ᠶᠢ ᠪᠦᠷᠢᠨᠰᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠬᠤᠶᠠᠷ ᠢ ᠬᠦᠷᠢᠶᠡᠯᠡᠬᠦ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠠᠳᠬᠤᠵᠤ᠂ ᠴᠡᠷᠢᠭ ᠤᠨ ᠬᠥᠮᠦᠨ ᠴᠡᠷᠢᠭ ᠠᠴᠠ ᠰᠢᠯᠵᠢᠵᠦ ᠴᠡᠷᠢᠭ ᠠᠴᠠ ᠪᠠᠭᠤᠬᠤ᠂ ᠭᠡᠷ ᠪᠦᠯᠢ ᠶᠢᠨ ᠠᠵᠢᠯ ᠣᠯᠭᠤᠯᠲᠠ᠂ ᠦᠷ᠎ᠡ ᠬᠡᠦᠬᠡᠳ ᠤᠨ ᠬᠢᠨᠢ ᠰᠤᠷᠭᠠᠭᠤᠯᠢ  ᠳᠤ ᠣᠷᠣᠬᠤ᠂ ᠬᠦᠴᠢᠷᠳᠡᠯᠲᠡᠢ ᠴᠡᠷᠢᠭ ᠢ ᠲᠥᠪᠬᠢᠨᠡᠭᠦᠯᠵᠦ ᠬᠠᠪᠰᠤᠷᠤᠨ ᠲᠡᠳᠬᠦᠬᠦ ᠵᠡᠷᠭᠡ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠨ ᠬᠥᠭᠵᠢᠬᠦ ᠪᠠᠶᠢᠷᠢᠰᠢᠯ ᠢ ᠪᠦᠬᠦ ᠲᠠᠯ᠎ᠠ ᠪᠠᠷ ᠪᠠᠬᠢᠵᠢᠭᠦᠯᠵᠦ᠂ ᠳᠤᠮᠳᠠᠳᠤ ᠶᠢᠨ ᠵᠡᠭᠦᠳᠦ᠂ ᠴᠡᠷᠢᠭ ᠢ ᠬᠦᠴᠦᠷᠬᠡᠭᠵᠢᠭᠦᠯᠬᠦ ᠵᠡᠭᠦᠳᠦ ᠶᠢ ᠲᠡᠷᠭᠡᠯᠰᠢᠭᠦᠯᠬᠦ ᠳᠤ ᠦᠵᠡᠭᠦᠯᠪᠡᠰᠦ ᠵᠣᠬᠢᠬᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃      ᠬᠤᠷᠠᠯ ᠠᠴᠠ ᠮᠠᠨ ᠤ ᠬᠤᠰᠢᠭᠤᠨ ᠤ 2023 ᠣᠨ ᠤ ᠵᠡᠪᠰᠡᠭᠲᠦ ᠬᠦᠴᠦᠨ ᠤ ᠠᠵᠢᠯ ᠤᠨ ᠲᠡᠷᠢᠭᠦᠨ ᠤ ᠨᠢᠭᠡᠴᠡ ᠪᠠ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号