ᠬᠤᠰᠢᠭᠤ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠨᠡᠶᠢᠭᠡᠮᠯᠢᠭ ᠴᠠᠭᠠᠨ ᠰᠠᠷ᠎ᠠ ᠶᠢᠨ ᠶᠠᠩᠭᠠᠷ ᠪᠦᠵᠢᠭ ᠤᠨ ᠬᠥᠳᠡᠯᠭᠡᠭᠡᠨ ᠦᠷᠨᠢᠭᠦᠯᠪᠡ
ᠨᠡᠶᠢᠲᠡᠯᠡᠭᠰᠡᠨ ᠴᠠᠭ᠄
2024/3/4
      ᠨᠠᠰᠤᠲᠠᠶᠢᠴᠤᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠦᠴᠦᠲᠡᠶ ᠳᠡᠮᠵᠢᠯᠭᠡ ᠪᠠᠷ᠂ 2 ᠰᠠᠷ᠎ᠠ ᠶᠢᠨ23 ᠤ ᠡᠳᠦᠷ ᠠᠴᠠ 24 ᠤ ᠡᠳᠦᠷ ᠪᠣᠯᠲᠠᠯ᠎ᠠ᠂   ᠬᠤᠰᠢᠭᠤ ᠨᠠᠰᠤᠲᠠᠶᠢᠴᠤᠳ ᠤᠨ ᠪᠡᠶ᠎ᠡ ᠴᠢᠭᠢᠷᠠᠭᠵᠢᠭᠤᠯᠬᠤ ᠨᠡᠶᠢᠭᠡᠮᠯᠢᠭ ᠴᠠᠭᠠᠨ ᠰᠠᠷ᠎ᠠ ᠶᠢᠨ ᠶᠠᠩᠭᠠᠷ ᠪᠦᠵᠢᠭ ᠤᠨ ᠬᠦᠳᠡᠯᠭᠡᠭᠡᠨ ᠥᠷᠨᠢᠭᠦᠯᠪᠡ᠃      ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 70 ᠭᠠᠷᠤᠶ ᠨᠠᠰᠤᠲᠠᠨ ᠣᠷᠣᠯᠴᠠᠵᠤ᠂ 20 ᠭᠠᠷᠤᠶ ᠪᠠᠶᠢᠭᠤᠯᠭ᠎ᠠ᠂ ᠨᠢᠭᠡᠴᠢ ᠵᠢᠴᠢ ᠬᠤᠪᠢ ᠶᠢᠨ ᠡᠵᠡᠩᠨᠡᠯᠲᠡ ᠶᠢᠨ ᠡᠷᠦᠬᠡ ᠪᠠᠷ ᠬᠦᠷᠴᠦ᠂ ᠬᠡᠩᠭᠡᠷᠭᠡ ᠴᠠᠩ ᠢᠶᠠᠨ ᠳᠡᠯᠡᠳᠦᠨ ᠶᠠᠩᠭᠠᠷ ᠪᠦᠵᠢᠭ ᠢᠶᠠᠨ ᠪᠦᠵᠢᠭᠯᠡᠨ ᠬᠦᠮᠦᠰ ᠲᠤ ᠪᠠᠶᠠᠷ ᠪᠠᠶᠠᠰᠤᠯ ᠣᠯᠭᠤᠨ ᠢᠷᠦᠭᠡᠯ ᠵᠥᠩᠨᠡᠯ ᠢᠶᠠᠨ ᠳᠡᠪᠰᠢᠭᠦᠯᠵᠡᠢ  ᠃      ᠲᠤᠰ ᠤᠳᠠᠭᠠᠨ ᠤ ᠠᠵᠢᠯᠯᠠᠭ᠎ᠠ ᠨᠢ ᠨᠠᠰᠤᠲᠠᠶᠢᠴᠤᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ  ᠢᠶᠠᠷ ᠪᠠᠷᠠᠬᠤ ᠦᠭᠡᠢ ᠪᠠᠰᠠ ᠵᠡᠭᠦᠨ ᠦᠵᠦᠮᠦᠴᠢᠨ ᠬᠤᠰᠢᠭᠤᠨ ᠤ ᠴᠠᠭᠠᠨ ᠰᠠᠷ᠎ᠠ ᠶᠢᠨ ᠰᠣᠶᠣᠯ ᠤᠨ ᠠᠵᠢᠯᠯᠠᠭ᠎ᠠ ᠳᠤ ᠭᠡᠷᠡᠯ ᠭᠢᠯᠪᠠᠭ᠎ᠠ ᠨᠡᠮᠡᠷᠢᠯᠡᠭᠰᠡᠨ ᠪᠠᠶᠢᠨ᠎ᠠ᠃ ᠡᠭᠦᠨ ᠤ ᠬᠠᠮᠲᠤ ᠪᠠᠰᠠ ᠵᠡᠭᠦᠨ ᠦᠵᠦᠮᠦᠴᠢᠨ ᠬᠤᠰᠢᠭᠤᠨ ᠤ ᠨᠠᠰᠤᠲᠠᠶᠢᠴᠤᠳ ᠤᠨ ᠢᠳᠡᠪᠬᠢᠲᠡᠶ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠪᠠ ᠠᠮᠢᠳᠤᠷᠠᠯ  ᠢᠶᠠᠨ ᠬᠠᠶᠢᠷᠠᠯᠠᠬᠤ ᠰᠡᠳᠬᠢᠯᠭᠡ ᠶᠢ ᠢᠯᠡᠷᠡᠭᠦᠯᠵᠦ᠂ ᠨᠠᠰᠤᠲᠠᠶᠢᠴᠤᠳ ᠤᠨ ᠥᠲᠡᠯᠦᠭᠡ ᠨᠠᠰᠤᠨ ᠤ ᠠᠮᠢᠳᠤᠷᠠᠯ ᠢ ᠨᠠᠩ ᠪᠠᠶᠠᠷ ᠬᠥᠷ ᠲᠠᠢ᠂ ᠨᠠᠩ ᠵᠣᠯ ᠵᠢᠷᠭᠠᠯ ᠲᠠᠢ ᠪᠣᠯᠭᠠᠭᠰᠠᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号