ᠬᠢᠩᠭᠠᠨ ᠡᠯ᠎ᠡ ᠰᠤᠷᠭᠠᠭᠤᠯᠢ ᠳᠤ ᠭᠦᠨᠵᠡᠭᠡᠶᠢᠷᠡᠨ ᠠᠮᠤᠷ ᠲᠦᠪᠰᠢᠨ ᠤ ᠬᠠᠮᠢᠶᠠᠷᠤᠯᠲᠠ ᠵᠢᠴᠢ ᠰᠤᠷᠭᠠᠭᠤᠯᠢ ᠡᠬᠢᠯᠡᠬᠦ ᠪᠡᠯᠡᠳᠬᠡᠯ ᠠᠵᠢᠯ ᠢ ᠪᠠᠶᠢᠴᠠᠭᠠᠨ ᠰᠣᠳᠤᠯᠪᠠ
ᠨᠡᠶᠢᠲᠡᠯᠡᠭᠰᠡᠨ ᠴᠠᠭ᠄
2024/3/4
      2 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠤᠷᠢᠳ ᠬᠤᠵᠢᠳ ᠬᠤᠰᠢᠭᠤ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ᠂ ᠭᠤᠷᠪᠠᠳᠤᠭᠠᠷ ᠪᠠᠭ᠎ᠠ ᠰᠤᠷᠭᠠᠭᠤᠯᠢ ᠪᠣᠯᠤᠨ ᠶᠡᠷᠦᠩᠬᠡᠶᠢᠯᠡᠭᠰᠡᠨ ᠳᠡᠭᠡᠲᠦ ᠵᠡᠷᠭᠡ ᠶᠢᠨ ᠳᠤᠮᠳᠠᠳᠤ ᠰᠤᠷᠭᠠᠭᠤᠯᠢ ᠳᠤ ᠬᠦᠷᠴᠦ᠂ ᠬᠢᠴᠢᠶᠡᠯ ᠤᠨ ᠬᠡᠷ᠂ ᠲᠤᠷᠰᠢᠯᠲᠠ ᠶᠢᠨ ᠲᠠᠰᠤᠭ᠂ ᠬᠤᠭᠤᠯᠠᠨ ᠬᠡᠷ᠂ ᠪᠠᠶᠢᠷᠢ ᠶᠢᠨ ᠬᠡᠷ ᠵᠡᠷᠭᠡ ᠭᠤᠤᠯᠳᠠᠯᠭ᠎ᠠ ᠲᠠᠢ ᠭᠠᠵᠠᠷ ᠲᠤ ᠭᠦᠨᠵᠡᠭᠡᠶᠢᠷᠡᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ᠂ ᠰᠤᠷᠭᠠᠭᠤᠯᠢ ᠡᠬᠢᠯᠡᠬᠦ ᠪᠡᠯᠡᠳᠬᠡᠯ᠂ ᠪᠠᠭᠰᠢ ᠶᠢᠨ ᠲᠣᠬᠢᠷᠠᠭᠤᠯᠤᠯᠲᠠ᠂ ᠰᠠᠭᠤᠷᠢ ᠲᠥᠬᠦᠭᠡᠷᠦᠮᠵᠢ ᠶᠢᠨ ᠳᠡᠭᠡᠭᠰᠢᠯᠡᠯᠲᠡ ᠪᠣᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ  ᠃      ᠬᠢᠩᠭᠠᠨ ᠴᠢᠬᠤᠯᠠᠴᠢᠯᠠᠬᠤ ᠳᠠᠭᠠᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠰᠠᠭᠤᠳᠠᠯ ᠨᠢ ᠲᠦᠭ ᠲᠦᠮᠡᠨ ᠠᠶᠢᠯ ᠡᠷᠦᠬᠡ ᠶᠢᠨ ᠵᠣᠯ ᠵᠢᠷᠭᠠᠯ ᠠᠮᠤᠷ ᠲᠠᠶᠢᠪᠤᠩ ᠳᠤ ᠬᠤᠯᠪᠣᠭᠳᠠᠵᠤ᠂ ᠨᠡᠶᠢᠭᠡᠮ ᠤᠨ ᠶᠡᠭᠡ ᠲᠠᠯ᠎ᠠ  ᠶᠢᠨ ᠡᠶ᠎ᠡ ᠵᠣᠬᠢᠴᠠᠩᠭᠤᠢ ᠲᠣᠭᠲᠠᠭᠤᠨ ᠳᠤ ᠬᠤᠯᠪᠤᠭᠳᠠᠵᠤ ᠪᠠᠶᠢᠳᠠᠭ᠃ ᠡᠯ᠎ᠡ ᠰᠤᠷᠭᠠᠭᠤᠯᠢ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠶᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠲᠣᠭᠲᠠᠭᠤᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠮᠥᠷᠥᠨ  ᠳᠡᠭᠡᠨ ᠡᠭᠦᠷᠭᠡᠯᠡᠨ᠂ ᠭᠠᠷ ᠲᠠᠭᠠᠨ ᠠᠳᠬᠤᠬᠤ ᠬᠡᠷᠡᠭᠲᠡᠶ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠬᠢᠵᠢᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠪᠠᠶᠢᠴᠠᠭᠠᠵᠤ ᠴᠡᠭᠴᠡᠯᠡᠨ ᠵᠠᠰᠠᠵᠤ᠂ ᠢᠯᠠᠩᠭᠤᠶ᠎ᠠ ᠰᠤᠷᠭᠠᠭᠤᠯᠢ ᠶᠢᠨ ᠭᠠᠳᠠᠨᠠᠬᠢ ᠬᠡᠷ ᠲᠦᠷᠢᠶᠡᠰᠦᠯᠡᠭᠰᠡᠨ ᠰᠤᠷᠤᠭᠴᠢᠳ ᠤᠨ ᠠᠮᠤᠷ ᠲᠦᠪᠰᠢᠨ ᠤ ᠬᠠᠮᠢᠶᠠᠷᠤᠯᠲᠠ ᠵᠢᠴᠢ ᠠᠮᠤᠷ ᠲᠦᠪᠰᠢᠨ ᠤ ᠬᠥᠮᠦᠵᠢᠯ  ᠤᠨ ᠠᠵᠢᠯ ᠢ ᠰᠠᠶᠢᠲᠤᠷ ᠬᠢᠵᠦ᠂ ᠰᠤᠷᠭᠠᠭᠤᠯᠢ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠠᠵᠢᠯ ᠢ ᠦᠨᠡᠨ ᠬᠦ ᠰᠠᠶᠢᠲᠤᠷ ᠠᠳᠬᠤᠵᠤ᠂ ᠪᠠᠭᠰᠢ ᠰᠤᠷᠤᠭᠴᠢᠳ ᠲᠤ ᠰᠠᠨᠠᠭ᠎ᠠ ᠠᠮᠤᠷ᠂ ᠲᠠᠭᠠᠯᠠᠮᠵᠢᠲᠠᠶ ᠰᠤᠷᠤᠯᠴᠠᠯᠭ᠎ᠠ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ᠃  ︿︿ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ﹀﹀ ᠵᠡᠷᠭᠡ ᠠᠷᠭ᠎ᠠ ᠮᠠᠶ᠋ᠢᠭ ᠢ ᠠᠰᠢᠭᠯᠠᠨ᠂ ᠰᠤᠷᠤᠭᠴᠢᠳ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠭᠠᠯ ᠤᠨᠲᠠᠷᠠᠭᠠᠬᠤ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠯᠦᠭᠡ ᠬᠠᠮᠲᠤᠷᠠᠨ ᠬᠥᠳᠡᠯᠦᠯᠴᠡᠵᠦ ᠬᠠᠮᠵᠢᠯᠴᠠᠬᠤ ᠪᠠᠨ ᠴᠢᠩᠭᠠᠳᠬᠠᠨ᠂ ᠭᠠᠯ ᠰᠡᠷᠭᠡᠶᠢᠯᠡᠯᠲᠡ ᠶᠢᠨ ᠠᠮᠤᠷ ᠲᠦᠪᠰᠢᠨ᠂ ᠬᠥᠮᠦᠨ ᠤ ᠪᠡᠶ᠎ᠡ ᠶᠢᠨ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠰᠤᠷᠤᠭᠴᠢᠳ ᠤᠨ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠪᠠ ᠴᠢᠳᠠᠪᠤᠷᠢ ᠶᠢ ᠦᠨᠡᠨᠬᠦ ᠴᠢᠩᠭᠠᠷᠠᠭᠤᠯᠬᠤ ᠬᠡᠷᠡᠭᠲᠡᠢ᠃ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠭᠰᠢ ᠶᠢᠨ ᠶᠣᠰᠣ ᠰᠤᠷᠲᠠᠬᠤᠨ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠪᠠᠭᠰᠢ ᠶᠢᠨ ᠪᠣᠯᠪᠠᠰᠤᠷᠠᠯ ᠢ ᠳᠡᠭᠡᠭᠰᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠲᠥᠬᠦᠭᠡᠷᠦᠮᠵᠢ ᠶᠢ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠤᠷᠬᠤ ᠳᠤ ᠲᠣᠬᠢᠷᠠᠮᠵᠢᠲᠠᠶ ᠵᠢᠭᠠᠬᠤ ᠳᠤ ᠲᠣᠬᠢᠷᠠᠮᠵᠢᠲᠠᠶ ᠣᠷᠣᠰᠢᠨ ᠰᠠᠭᠤᠬᠤ ᠳᠤ ᠲᠣᠬᠢᠷᠠᠮᠵᠢᠲᠠᠶ ᠰᠤᠷᠭᠠᠭᠤᠯᠢ ᠶᠢᠨ ᠬᠦᠷᠢᠶᠡᠨ  ᠤ ᠣᠷᠴᠢᠨ ᠲᠣᠭᠤᠷᠢᠨ ᠢ ᠡᠭᠦᠳᠴᠦ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠡᠯ᠎ᠡ ᠵᠦᠶᠯ ᠤᠨ ᠠᠵᠢᠯ ᠤᠨ ᠤᠷᠤᠭᠰᠢᠲᠠᠶ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃      ᠳᠡᠳ᠋ ᠬᠤᠰᠢᠭᠤ ᠳᠠᠷᠤᠭ᠎ᠠ ᠶᠣᠣ ᠬᠠᠶ ᠰᠢᠶᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠦ ᠪᠠᠶᠢᠴᠠᠭᠠᠨ ᠰᠤᠳᠤᠯᠤᠯᠲᠠ ᠬᠢᠪᠡ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号