ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠤᠳᠠᠭᠠᠨ ᠤ ᠪᠦᠭᠦᠳᠡ      ︵ᠥᠷᠭᠡᠳᠬᠡᠭᠰᠡᠨ︶ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2024/3/6
      2 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠳᠥᠷᠪᠡᠳᠦᠭᠡᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠪᠣᠯᠣᠨ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠬᠤᠰᠢᠭᠤ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ ᠠᠮᠤᠷ ᠲᠦᠪᠰᠢᠨ ᠤ ᠲᠣᠪᠴᠢᠶ᠎ᠠ ᠶᠢᠨ ᠭᠤᠤᠯ ᠤᠳᠤᠷᠢᠳᠤᠯᠭ᠎ᠠ ᠬᠤᠷᠠᠯ ᠳᠤ ᠣᠷᠤᠯᠴᠠᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠶᠢᠨ ᠯᠢᠶᠠᠩ ᠬᠤᠷᠠᠯ ᠢ ᠡᠷᠭᠢᠯᠡᠪᠡ᠃      ᠪᠦᠬᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ︵ᠥᠷᠭᠡᠳᠬᠡᠭᠰᠡᠨ︶ ᠬᠤᠷᠠᠯ᠂ ᠬᠤᠰᠢᠭᠤ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ 2023 ᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠠᠵᠢᠯ ᠢ ᠡᠷᠭᠢᠴᠡᠭᠦᠯᠦᠨ ᠳ᠋ᠦᠩᠨᠡᠵᠦ᠂ 2024 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ  ᠃      ᠬᠢᠩᠭᠠᠨ ᠵᠢᠭᠠᠬᠤ ᠳᠠᠭᠠᠨ᠂ 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ᠂ ︿︿ᠠᠷᠪᠠᠨ ᠳᠥᠷᠪᠡᠳᠦᠭᠡᠷ ᠲᠠᠪᠤᠨ ᠵᠢᠯ﹀﹀ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠦᠷᠵᠢᠭᠤᠯᠵᠤ᠂ ᠮᠠᠨ ᠤ ᠬᠤᠰᠢᠭᠤᠨ ᠤ ᠪᠣᠳᠠᠲᠤ ᠪᠠᠶᠳᠠᠯ ᠲᠠᠢ ᠤᠶᠠᠯᠳᠤᠭᠤᠯᠤᠨ᠂ ᠨᠠᠶᠢᠳᠠᠪᠤᠷᠢᠵᠢᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠠᠳᠬᠤᠵᠤ᠂ ᠡᠷᠡᠰ ᠭᠤᠶᠢᠪᠢᠰᠢ ᠦᠭᠡᠢ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠭᠡᠪᠡ  ᠃      ᠬᠢᠩᠭᠠᠨ ᠴᠢᠬᠤᠯᠠᠴᠢᠯᠠᠬᠤ ᠳᠠᠭᠠᠨ᠂ ᠪᠠᠶᠢᠳᠠᠯ ᠢ ᠣᠨᠣᠪᠴᠢᠲᠠᠢ ᠡᠵᠡᠮᠳᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠬᠤ ᠬᠡᠷᠡᠭᠲᠡᠢ᠃ ᠳᠣᠲᠣᠭᠠᠳᠤ ᠳᠤ ᠪᠠᠨ ᠭᠦᠨᠵᠡᠭᠡᠶᠢᠷᠡᠭᠦᠯᠬᠦ ᠳᠡᠭᠡᠷ᠎ᠡ ᠴᠥᠬᠦᠷᠡᠰᠢ ᠥᠬᠡᠶ ᠬᠦᠴᠦᠯᠡᠵᠦ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠥᠬᠡᠶ ᠪᠠᠬᠢᠵᠢᠭᠦᠯᠦᠨ ᠥᠷᠭᠡᠳᠬᠡᠵᠦ᠂ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠬᠦᠴᠦᠯᠡᠨ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠤᠶᠢᠯᠠᠭᠠᠨ ᠪᠣᠳᠠᠲᠠᠶᠢᠵᠢᠭᠤᠯᠵᠤ᠂《 ᠶᠢᠰᠦᠨ ᠠᠭᠤᠯᠭ᠎ᠠ 》 ᠶᠢᠨ ᠦᠶᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠢᠯᠵᠠᠷᠠᠯ ᠢ ᠡᠰᠡᠷᠭᠦᠴᠡᠵᠦ ᠴᠢᠨᠠᠷ ᠬᠤᠪᠢᠷᠬᠠᠤ ᠶᠢ ᠰᠡᠷᠭᠡᠶᠢᠯᠡᠬᠦ ᠴᠢᠳᠠᠪᠤᠷᠢ ᠪᠠᠨ ᠤᠬᠠᠮᠰᠠᠷ ᠠᠴᠠ ᠪᠠᠨ ᠴᠢᠩᠭᠠᠳᠬᠠᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠰᠢᠨ᠎ᠡ ᠦᠶᠯᠡᠳᠦᠯᠭᠡ ᠪᠠᠷ ᠣᠳᠣᠬᠢᠴᠢᠯᠠᠭᠰᠠᠨ ᠵᠡᠭᠦᠨ ᠦᠵᠦᠮᠦᠴᠢᠨ ᠬᠤᠰᠢᠭᠤᠨ ᠤ ᠪᠥᠲᠥᠭᠡᠨ ᠪᠠᠶᠢᠭᠤᠯᠤᠯᠲᠠ ᠳᠤ ᠵᠢᠯᠤᠭᠤᠳᠤᠯᠭ᠎ᠠ ᠪᠠ ᠪᠠᠲᠤᠯᠠᠭ᠎ᠠ ᠬᠠᠩᠭᠠᠬᠤ ᠬᠡᠷᠡᠭᠲᠡᠶ᠃ ᠤᠯᠤᠰ ᠲᠦᠷᠦ ᠶᠢᠨ ᠬᠢᠨᠠᠯᠲᠠ ᠶᠢ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃《 ᠬᠤᠶᠠᠷ ᠢ ᠬᠠᠮᠠᠭᠠᠯᠠᠬᠤ》 ᠳᠤ ᠠᠩᠬᠠᠷᠤᠯ ᠢᠶᠠᠨ ᠲᠥᠪᠯᠡᠷᠡᠭᠦᠯᠵᠦ᠂《 ᠬᠤᠶᠠᠷ ᠶᠡᠭᠡ ᠶᠠᠪᠤᠳᠠᠯ 》 ᠤᠨ ᠲᠣᠭᠤᠷᠢᠨ ᠳᠤ᠂ 《 ᠵᠠᠩᠭᠢᠯᠠᠭ᠎ᠠ ᠶᠢᠨ ᠴᠥᠭᠡᠨ ᠲᠣᠭᠠᠲᠠᠨ 》 ᠢ ᠳᠣᠪᠣᠶᠢᠯᠭᠠᠵᠤ᠂ ᠨᠡᠪᠲᠡᠷᠡᠯᠴᠡᠭᠦᠯᠦᠨ ᠵᠣᠬᠢᠴᠠᠭᠤᠯᠬᠤ ᠶᠢ ᠠᠬᠢᠭᠤᠯᠵᠤ᠂ ᠪᠠᠶᠢᠩᠭᠤ ᠶᠢᠨ ᠲᠣᠭᠤᠷᠢᠨ ᠪᠠᠶᠢᠴᠠᠭᠠᠯᠲᠠ᠂ ᠲᠤᠰᠬᠠᠶ ᠲᠣᠭᠤᠷᠢᠨ ᠪᠠᠶᠢᠴᠠᠭᠠᠯᠲᠠ᠂ ᠬᠥᠳᠡᠯᠦᠩᠭᠦᠶ ᠲᠣᠭᠤᠷᠢᠨ ᠪᠠᠶᠢᠴᠠᠭᠠᠯᠲᠠ ᠪᠠ ᠲᠣᠭᠤᠷᠢᠨ ᠪᠠᠶᠢᠴᠠᠭᠠᠯᠲᠠ ᠶᠢᠨ《 ᠡᠷᠬᠢᠨ ᠬᠠᠷᠠᠬᠤ 》 ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠳᠡᠭᠡᠳᠦ ᠱᠠᠲᠤᠨ ᠤ ᠨᠠᠮ ᠤᠨ ᠬᠤᠷᠢᠶᠠᠨ ᠤ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠬᠤᠰᠢᠭᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠬᠦᠴᠦᠲᠡᠶ ᠬᠢᠨᠠᠯᠲᠠ ᠲᠠᠯᠪᠢᠵᠤ ᠪᠠᠲᠤᠯᠠᠬᠤ ᠬᠡᠷᠡᠭᠲᠡᠢ᠃ ᠢᠯᠵᠠᠷᠠᠯ ᠢ ᠡᠰᠡᠷᠭᠦᠴᠡᠬᠦ ᠲᠣᠭᠲᠠᠯ ᠬᠦᠴᠦᠨ ᠢᠶᠠᠨ ᠪᠠᠲᠤᠯᠠᠵᠤ᠂《 ᠭᠤᠷᠪᠠᠨ ᠢᠯᠵᠢᠷᠡᠬᠦ ᠦᠭᠡᠢ 》 ᠶᠢ ᠨᠢᠭᠡ ᠴᠤᠬᠴᠠᠵᠢᠭᠤᠯᠤᠨ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠲᠠᠰᠤᠷᠠᠯᠳᠠ ᠦᠭᠡᠢ ᠪᠡᠶᠡᠯᠡᠭᠦᠯᠬᠦ ᠬᠡᠷᠡᠭᠲᠡᠢ᠃ ᠴᠢᠬᠤᠯᠠ ᠶᠡᠭᠡ ᠢᠨᠵᠧᠨᠧᠷᠢᠩ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢ ᠴᠢᠩᠭ᠎ᠠ ᠠᠩᠬᠠᠷᠴᠤ᠂ ᠢᠯᠵᠠᠷᠠᠯ ᠤᠨ ᠠᠰᠠᠭᠤᠳᠠᠯ ᠪᠠ ᠠᠶᠤᠯ ᠲᠦᠭᠰᠢᠭᠦᠷᠢ ᠶᠢᠨ ᠲᠠᠯᠳᠠ ᠭᠡᠮ ᠢ ᠲᠤᠰᠬᠠᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ᠂ ᠪᠠᠶᠢᠭᠤᠯᠬᠤ ᠶᠢ ᠠᠬᠢᠭᠤᠯᠬᠤ᠂ ᠵᠠᠰᠠᠬᠤ ᠶᠢ ᠠᠬᠢᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠠᠶᠢᠩᠭᠤ  ᠶᠢᠨ ᠴᠢᠨᠠᠷᠲᠠᠢ ᠰᠠᠬᠢᠯᠭ᠎ᠠ ᠪᠠᠲᠤ ᠶᠢᠨ ᠬᠥᠮᠦᠵᠢᠯ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠬᠢᠯᠪᠠᠷ ᠪᠤᠰᠤ  ᠪᠠᠷ ᠣᠯᠤᠭᠰᠠᠨ ᠢᠯᠵᠠᠷᠠᠯ ᠢ ᠡᠰᠡᠷᠭᠦᠴᠡᠬᠦ ᠠᠵᠢᠯ ᠤᠨ ᠠᠮᠵᠢᠯᠲᠠ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠬᠦ ᠬᠡᠷᠡᠭᠲᠡᠢ᠃ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠰᠤᠷᠲᠠᠯ ᠰᠠᠬᠢᠯᠭ᠎ᠠ ᠪᠠᠲᠤ  ᠶᠢᠨ ᠪᠠᠶᠢᠭᠤᠯᠤᠯᠲᠠ ᠶᠢ ᠴᠥᠬᠦᠷᠡᠰᠢ ᠦᠭᠡᠢ ᠠᠬᠢᠭᠤᠯᠬᠤ ᠬᠡᠷᠡᠭᠲᠡᠢ᠃《 ᠳᠥᠷᠪᠡᠨ ᠰᠤᠷᠲᠠᠯ 》 ᠤᠨ ᠬᠡᠮ ᠰᠣᠭᠤᠭ ᠢ ᠡᠷᠡᠰ ᠵᠠᠯᠠᠷᠠᠭᠤᠯᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠺᠠᠳ᠋ᠷ  ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠤᠯᠠᠮ ᠨᠢᠭᠡ ᠠᠯᠬᠤᠮ ᠵᠣᠷᠢᠭᠵᠢᠭᠤᠯᠵᠤ᠂ ᠰᠠᠬᠢᠯᠭ᠎ᠠ ᠪᠠᠲᠤ ᠶᠣᠰᠣ ᠲᠦᠷᠢᠮ ᠢ ᠺᠠᠳ᠋ᠷ ᠤᠨ ᠰᠡᠳᠬᠢᠯ ᠳᠠᠬᠢ《 ᠴᠡᠭᠡᠷᠯᠡᠯ 》ᠪᠣᠯᠭᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠭᠠᠪᠰᠢᠭᠠᠢ ᠴᠡᠷᠢᠭ ᠢ ᠪᠠᠶᠢᠭᠤᠯᠵᠤ᠂ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠶ ᠪᠠᠷ ᠪᠥᠬᠦ ᠬᠤᠰᠢᠭᠤᠨ ᠤ ᠡᠯ᠎ᠡ ᠲᠥᠷᠥᠯ ᠤᠨ ᠠᠵᠢᠯ ᠦᠶᠯᠡᠰ ᠤᠨ ᠰᠢᠨ᠎ᠡ ᠬᠥᠭᠵᠢᠯᠲᠡ ᠶᠢ ᠪᠡᠶᠡᠯᠡᠭᠦᠯᠵᠦ᠂ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠡᠢ᠃      ᠵᠠᠩ ᠶᠢᠨ ᠯᠢᠶᠠᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠵᠦ ᠳᠥᠷᠪᠡᠳᠦᠭᠡᠷ ᠪᠦᠬᠦᠳᠡ ᠬᠤᠷᠠᠯ ᠳᠤ ᠠᠵᠢᠯ ᠤᠨ ᠮᠡᠳᠡᠭᠦᠯᠦᠯᠲᠡ ᠬᠢᠪᠡ  ᠃      ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ  ᠤᠨ ᠪᠦᠷᠢᠯᠳᠦᠬᠦᠨ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠳ᠂ ᠡᠯ᠎ᠡ ᠶᠡᠭᠡ ᠤᠳᠤᠷᠢᠳᠬᠤ ᠪᠠᠭ ᠤᠨ ᠠᠯᠪᠠᠨ ᠭᠡᠷ ᠤᠨ ᠡᠷᠬᠢᠯᠡᠭᠴᠢ᠂ ᠳᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤ ᠪᠠᠶᠭ᠎ᠠ ᠰᠠᠯᠠᠭ᠎ᠠ ᠮᠥᠴᠢᠷ ᠤᠨ ᠪᠠᠶᠢᠩᠭᠤ ᠶᠢᠨ ᠳᠡᠳ᠋ ᠲᠤᠰᠢᠶᠠᠯᠲᠠᠨ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠦᠬᠦ ᠺᠠᠳ᠋ᠷ᠂ ᠬᠤᠰᠢᠭᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠪᠠᠶᠢᠭᠤᠯᠤᠮᠵᠢ ᠶᠢᠨ ᠪᠦᠬᠦ ᠺᠠᠳ᠋ᠷ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠤ ᠭᠤᠤᠯ ᠤᠳᠤᠷᠢᠳᠤᠯᠭ᠎ᠠ᠂ ᠲᠤᠰᠬᠠᠶ ᠲᠤᠰᠢᠶᠠᠯᠲᠤ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ ( ᠬᠢᠨᠠᠨ ᠪᠠᠶᠢᠴᠠᠭᠠᠬᠤ ᠠᠯᠪᠠᠨ ᠬᠡᠷ ᠤᠨ ᠡᠷᠬᠢᠯᠡᠭᠴᠢ )᠂ ᠰᠠᠬᠢᠯᠭ᠎ᠠ ᠪᠠᠲᠤ ᠪᠠᠶᠢᠴᠠᠭᠠᠬᠤ ᠠᠵᠢᠯᠲᠠᠨ᠂ ᠲᠤᠰᠬᠠᠶ ᠲᠤᠰᠢᠶᠠᠯᠲᠤ ᠬᠢᠨᠠᠨ ᠪᠠᠶᠢᠴᠠᠭᠠᠭᠴᠢ᠂ ᠬᠤᠰᠢᠭᠤ ᠰᠢᠭᠤᠳ ᠬᠠᠷᠢᠶ᠎ᠠ᠂ ᠬᠤᠰᠢᠭᠤᠨ ᠳᠤ ᠰᠠᠭᠤᠭ᠎ᠠ ᠡᠯ᠎ᠡ ᠰᠠᠯᠠᠭ᠎ᠠ ᠮᠥᠴᠢᠷ᠂ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ᠂ ᠬᠤᠰᠢᠭᠤ ᠬᠢᠨᠠᠨ ᠪᠠᠶᠢᠴᠠᠭᠠᠬᠤ ᠵᠥᠪᠯᠡᠯ ᠤᠨ ᠣᠨᠴᠠ ᠤᠷᠢᠭᠰᠠᠨ ᠬᠢᠨᠠᠨ ᠪᠠᠶᠢᠴᠠᠭᠠᠭᠴᠢ ᠬᠤᠷᠠᠯ ᠳᠤ ᠣᠷᠣᠯᠴᠠᠪᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号