ᠮᠠᠨ ᠤ ᠬᠤᠰᠢᠭᠤ ︿︿ᠰᠠᠶᠢᠨ ᠳᠤᠷ᠎ᠠ ᠶᠢᠨ ᠦᠶᠯᠡᠴᠢᠯᠡᠭᠡ ᠪᠠᠷ ᠬᠠᠶᠢᠷ᠎ᠠ ᠬᠠᠯᠠᠮᠵᠢ ᠬᠦᠷᠭᠡᠵᠦ ᠪᠣᠯᠪᠠᠰᠤᠨ ᠦᠢᠯᠡᠳᠦᠯᠭᠡ ᠪᠠᠷ ᠰᠢᠨ᠎ᠡ ᠬᠡᠪ ᠰᠤᠷᠳᠠᠯ ᠢ ᠪᠣᠶ ᠪᠣᠯᠭᠠᠬᠤ﹀﹀ ᠭᠤᠤᠯ ᠰᠡᠳᠦᠪᠲᠦ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/3/6
      2 ᠰᠠᠷ᠎ᠠ ᠶᠢᠨ 25 ᠤ ᠡᠳᠦᠷ᠂ ᠳᠠᠷᠤᠶ ᠴᠠᠭᠠᠨ ᠰᠠᠷ᠎ᠠ ᠶᠢᠨ ᠠᠷᠪᠠᠨ ᠵᠢᠷᠭᠤᠭᠠᠨ ᠤ ᠡᠳᠦᠷ᠂ ᠮᠠᠨ ᠤ ᠬᠤᠰᠢᠭᠤᠨ ᠤ ᠥᠷᠭᠡᠨ ᠣᠯᠠᠨ ᠲᠦᠮᠡᠨ ᠬᠦᠷᠢᠶ᠎ᠡ ᠰᠦᠮ᠎ᠡ ᠳᠤ ᠬᠦᠷᠴᠦ ᠬᠦᠰᠡᠯ ᠵᠥᠩᠨᠡᠯ ᠢᠶᠠᠨ ᠳᠠᠭᠠᠳᠬᠠᠳᠠᠭ ᠵᠠᠩᠰᠢᠯ ᠲᠠᠢ ᠪᠢᠯᠡ᠃ ᠮᠥᠨ ᠴᠦ ᠡᠨᠡ ᠡᠳᠦᠷ᠂ ᠮᠠᠨ ᠤ ᠬᠤᠰᠢᠭᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠶᠡᠷᠦᠩᠬᠡᠢ ᠠᠩᠬᠢ ᠪᠦᠯᠬᠦᠮ ᠠᠴᠠ ᠳᠠᠶᠢᠴᠢᠯᠠᠨ᠂ ᠰᠣᠶᠣᠯ ᠤᠳᠬ᠎ᠠ ᠤᠷᠠᠯᠢᠭ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠬᠠᠤᠯᠢ ᠴᠠᠭᠠᠵᠠ ᠶᠢᠨ ᠦᠢᠯᠡᠴᠢᠯᠡᠭᠡ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠨᠠᠢᠮᠠᠨ ᠰᠠᠯᠠᠭ᠎ᠠ ᠪᠠᠶᠢᠩᠭᠤ ᠶᠢᠨ ᠡᠩᠨᠡᠭᠡ ᠵᠢᠴᠢ ︿︿ᠠ ᠡ ᠢ﹀﹀ ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠲᠠᠢ ᠬᠤᠯᠪᠣᠭᠠᠯᠠᠨ᠂ ︿︿ ᠰᠠᠶᠢᠨ ᠳᠤᠷ᠎ᠠ ᠶᠢᠨ ᠦᠶᠯᠡᠴᠢᠯᠡᠭᠡ ᠪᠠᠷ ᠬᠠᠶᠢᠷ᠎ᠠ ᠬᠠᠯᠠᠮᠵᠢ ᠬᠦᠷᠭᠡᠵᠦ ᠪᠣᠯᠪᠠᠰᠤᠨ ᠦᠢᠯᠡᠳᠦᠯᠭᠡ ᠪᠠᠷ ᠰᠢᠨ᠎ᠡ ᠬᠡᠪ ᠰᠤᠷᠳᠠᠯ ᠢ ᠪᠣᠶ ᠪᠣᠯᠭᠠᠬᠤ﹀﹀ ᠭᠤᠣᠯ ᠰᠡᠳᠦᠪᠲᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ  ᠃      ᠲᠣᠰ ᠤᠳᠠᠭ᠎ᠠ ᠥᠩᠭᠡᠷᠡᠭᠰᠡᠨ ᠤ ᠭᠤᠤᠯ ᠰᠡᠳᠦᠪ ᠢᠶᠠᠨ ᠦᠷᠭᠦᠯᠵᠢᠯᠡᠭᠦᠯᠵᠦ᠂ ᠬᠡᠪ ᠵᠠᠩᠰᠢᠯ ᠢ    ᠥᠭᠡᠷᠡᠴᠢᠯᠡᠬᠦ᠂ ᠪᠣᠯᠪᠠᠰᠤᠨ ᠰᠢᠨ᠎ᠡ ᠰᠤᠷᠲᠠᠯ ᠢ ᠪᠠᠳᠠᠷᠠᠭᠤᠯᠬᠤ ᠶᠢ ᠦᠷᠭᠦᠯᠵᠢᠯᠡᠨ ᠰᠠᠨᠠᠭᠠᠴᠢᠯᠠᠵᠤ᠂ ᠬᠠᠤᠯᠢ ᠴᠠᠭᠠᠵᠠ ᠶᠢᠨ ᠦᠶᠯᠡᠴᠢᠯᠡᠭᠡ᠂ ᠬᠤᠤᠷᠲᠤ ᠡᠳ᠋ ᠢ ᠴᠠᠭᠠᠵᠠᠯᠠᠬᠤ᠂ ᠵᠣᠭᠤᠰ ᠨᠠᠭᠠᠳᠬᠤ ᠶᠢ ᠴᠠᠭᠠᠵᠠᠯᠠᠬᠤ᠂ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠵᠡᠷᠭᠡ ᠰᠠᠶᠢᠨ ᠳᠤᠷ᠎ᠠ ᠶᠢᠨ ᠦᠶᠯᠡᠴᠢᠯᠡᠭᠡ ᠶᠢ ᠥᠷᠨᠢᠭᠦᠯᠪᠡ᠃ ᠡᠭᠦᠨ ᠤ ᠬᠠᠮᠲᠤ᠂ ᠪᠠᠰᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ᠂ ᠲᠡᠦᠬᠡ ᠶᠢᠨ ᠳᠤᠷᠠᠰᠬᠠᠯᠲᠤ ᠵᠦᠢᠯᠡᠰ ᠪᠣᠯᠤᠨ ᠰᠣᠶᠣᠯ ᠤᠨ ᠥᠪ ᠢ ᠬᠠᠮᠠᠭᠠᠯᠠᠬᠤ ᠤᠬᠠᠭᠤᠯᠭ᠎ᠠ ᠥᠷᠨᠢᠭᠦᠯᠵᠦ᠂ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠬᠤ ᠶᠢᠨ ᠬᠠᠮᠲᠤ᠂ ᠬᠥᠮᠦᠰ ᠤᠨ ᠨᠤᠲᠤᠭ ᠤᠰᠤ ᠪᠠᠨ ᠨᠠᠨᠳᠢᠩᠨᠠᠨ ᠬᠠᠶᠢᠷᠠᠯᠠᠬᠤ ᠲᠡᠦᠬᠡ‌‍ᠰᠣᠶᠣᠯ ᠤᠨ ᠤᠬᠠᠮᠰᠠᠷ ᠢ ᠬᠥᠮᠦᠵᠢᠭᠦᠯᠵᠦ᠂ ᠠᠵᠢᠯᠲᠠᠳ ᠠᠴᠠ ᠪᠠᠰᠠ ᠤᠯᠠᠨ ᠲᠦᠮᠡᠨ ᠤ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠲᠤᠬᠠᠢ ᠶᠢᠨ ᠲᠠᠯᠠᠪᠠᠢ ᠳᠤ ᠬᠠᠷᠢᠭᠤᠯᠲᠠ ᠥᠭᠴᠡᠢ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 1000 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ  ᠃      ᠲᠤᠰ ᠤᠳᠠᠭᠠᠨ ᠤ ᠭᠤᠤᠯ ᠰᠡᠳᠦᠪᠲᠦ ᠠᠵᠢᠯᠯᠠᠭ᠎ᠠ ᠨᠢ ᠰᠠᠶᠢᠨ ᠳᠤᠷ᠎ᠠ ᠶᠢᠨ ᠦᠶᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠤᠭᠰᠠᠨ ᠢᠶᠠᠷ ᠪᠠᠷᠠᠬᠤ ᠦᠭᠡᠢ᠂ ᠪᠠᠰᠠ ᠴᠠᠭᠠᠨ ᠰᠠᠷ᠎ᠠ ᠶᠢᠨ ᠠᠷᠪᠠᠨ ᠵᠢᠷᠭᠤᠭᠠᠨ ᠤ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠪᠡ᠃ ᠮᠠᠨ ᠤ ᠬᠤᠰᠢᠭᠤᠨ ᠤ ᠰᠠᠶᠢᠨ ᠳᠤᠷᠠᠴᠤᠳ ᠰᠠᠶᠢᠨ ᠳᠤᠷ᠎ᠠ ᠶᠢᠨ ᠦᠶᠯᠡᠴᠢᠯᠡᠭᠡᠨ ᠤ ᠦᠶᠯᠡᠰ ᠲᠤ ᠦᠷᠭᠦᠯᠵᠢᠯᠡᠨ ᠬᠦᠴᠦ ᠪᠠᠨ ᠡᠷᠭᠦᠵᠦ᠂ ᠪᠥᠬᠦ ᠬᠤᠰᠢᠭᠤᠨ ᠤ ᠡᠶ᠎ᠡ ᠵᠣᠬᠢᠴᠠᠩᠭᠤᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号