ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 52 ᠳ᠋ᠤᠭᠠᠷ ᠤᠳᠠᠭ᠎ᠠ ᠶᠢᠨ ᠪᠠᠶᠢᠩᠭᠤ ᠶᠢᠨ ︵ᠥᠷᠭᠡᠳᠬᠡᠭᠰᠡᠨ︶ ᠬᠤᠷᠠᠯ ᠵᠢᠴᠢ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠵᠠᠬᠢᠳᠠᠯ ᠰᠣᠷᠪᠣᠯᠵᠢᠯᠠᠯ ᠢᠶᠠᠷ ᠲᠣᠭᠲᠠᠭᠤᠨ ᠪᠠᠶᠢᠳᠠᠯ ᠢ ᠬᠠᠮᠠᠭᠠᠯᠠᠬᠤ ᠪᠣᠯᠣᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/8
      2 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 52 ᠳ᠋ᠤᠭᠠᠷ ᠤᠳᠠᠭ᠎ᠠ ᠶᠢᠨ ︵2024 ᠣᠨ ᠤ 4 ᠳ᠋ᠤᠭᠡᠷ ᠤᠳᠠᠭ᠎ᠠ︶ ᠪᠠᠶᠢᠩᠭᠤ ᠶᠢᠨ ︵ᠥᠷᠭᠡᠳᠬᠡᠭᠰᠡᠨ︶ ᠬᠤᠷᠠᠯ ᠵᠢᠴᠢ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠵᠠᠬᠢᠳᠠᠯ ᠰᠣᠷᠪᠤᠯᠵᠢᠯᠠᠯ ᠢᠶᠠᠷ ᠲᠣᠭᠲᠠᠭᠤᠨ ᠪᠠᠶᠢᠳᠠᠯ ᠢ ᠬᠠᠮᠠᠭᠠᠯᠠᠬᠤ ᠪᠣᠯᠣᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠵᠡᠷᠭᠡ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠦ᠋ᠩᠬᠡ ᠪᠣᠯᠣᠨ ᠳᠡᠳ᠋ ᠬᠤᠰᠢᠭᠤ ᠳᠠᠷᠤᠭ᠎ᠠ ᠨᠠᠷ ᠵᠢᠴᠢ ᠬᠠᠮᠢᠶ᠎ᠠ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠠᠮᠵᠢᠭᠤᠯᠤᠨ ᠲᠠᠷᠬᠠᠭᠠᠭᠰᠠᠨ ︽ᠲᠥᠪ ᠤᠨ ᠤᠳᠤᠷᠢᠳᠬᠤ ᠨᠥᠬᠦᠳ ᠤᠨ ᠴᠣᠬᠤᠯᠠᠪᠤᠷᠢ ᠮᠡᠳᠡᠭᠳᠡᠯ︾ ᠪᠣᠯᠣᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠮᠵᠢᠭᠤᠯᠤᠨ ᠲᠠᠷᠬᠠᠭᠠᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠪᠥᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠳᠡᠭᠡᠷᠡᠬᠢ ᠶᠡᠷᠦᠩᠬᠡᠢ ᠰᠠᠶᠢᠳ ᠯᠢ ᠴᠢᠶᠠᠩ ᠤᠨ ᠶᠠᠷᠢᠶ᠎ᠠ︾ ᠶᠢᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠠᠴᠠ ᠪᠥᠬᠦ ᠬᠤᠰᠢᠭᠤᠨ ᠤ ᠵᠠᠬᠢᠳᠠᠯ ᠰᠣᠷᠪᠣᠯᠵᠢᠯᠠᠯ ᠢᠶᠠᠷ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠶᠤᠯᠭᠦᠢ ᠦᠢᠯᠡᠳᠪᠦᠷᠢᠯᠡᠯ ᠪᠠ ᠬᠠᠪᠤᠷ ᠤᠨ ᠤᠯᠠᠷᠢᠯ ᠤᠨ ᠠᠵᠢᠯ ᠦᠢᠯᠡᠳᠪᠦᠷᠢᠯᠡᠯ   ᠢ ᠰᠡᠷᠭᠦᠭᠡᠬᠦ ᠠᠵᠢᠯ   ᠢ ᠥᠷᠨᠢᠭᠦᠯᠦᠭᠰᠡᠨ ᠪᠠᠶᠢᠳᠠᠯ   ᠢ ᠮᠡᠳᠡᠭᠳᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠤᠯᠤᠰ ᠤᠨ ᠬᠤᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠶᠢᠨ᠎ᠠ᠂ ᠪᠦᠬᠦ ᠬᠤᠰᠢᠭᠤᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ︽ᠠᠮᠢ ᠨᠠᠰᠤ ᠶᠢ ᠳᠡᠭᠡᠳᠦᠯᠡᠵᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠮᠤᠷ ᠲᠦᠪᠰᠢᠨ ᠲᠣᠭᠲᠠᠭᠤᠨ ᠢ ᠪᠠᠲᠤᠯᠠᠬᠤ ᠶᠢ ᠣᠳᠣᠬᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠮᠤᠷ ᠲᠣᠭᠲᠠᠭᠤᠨ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠬᠤᠶᠠᠷ ᠬᠤᠷᠠᠯ ᠤᠨ ᠠᠮᠵᠢᠯᠲᠠ ᠲᠠᠢ ᠬᠤᠷᠠᠯᠳᠤᠬᠤ ᠪᠠ ᠠᠮᠤᠷ ᠠᠮᠤᠭᠤᠯᠠᠩ ᠵᠡᠭᠦᠨ ᠦᠵᠦᠮᠦᠴᠢᠨ ᠬᠤᠰᠢᠭᠤᠨ ᠤ ᠪᠦᠲᠦᠭᠡᠨ ᠪᠠᠶᠢᠭᠤᠯᠤᠯᠲᠠ ᠳᠤ ᠪᠠᠲᠤᠯᠠᠭ᠎ᠠ ᠬᠠᠩᠭᠠᠬᠤ ᠬᠡᠷᠡᠭᠲᠡᠢ᠃ ᠴᠠᠭᠠᠨ ᠰᠠᠷ᠎ᠠ ᠶᠢᠨ ᠳᠠᠷᠠᠭᠠᠬᠢ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠢᠯ ᠦᠢᠯᠡᠳᠪᠦᠷᠢᠯᠡᠯ ᠢᠶᠠᠨ ᠰᠡᠷᠭᠦᠭᠡᠭᠰᠡᠨ ᠠᠵᠤ ᠠᠬᠤᠶᠢᠯᠠᠯ ᠤᠨ ᠭᠤᠣᠯᠳᠠᠯᠭ᠎ᠠ ᠲᠠᠢ ᠣᠷᠣᠨ ᠪᠠᠶᠢᠷᠢ ᠪᠣᠯᠣᠨ ᠵᠠᠩᠭᠢᠯᠠᠭ᠎ᠠ ᠶᠢᠨ ᠭᠤᠭᠴᠤᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠬᠦᠨᠳᠦ ᠶᠡᠭᠡ ᠠᠳᠡᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠰᠤᠯᠠᠷᠠᠭᠤᠯᠤᠯ ᠦᠭᠡᠢ ᠠᠬᠢᠭᠤᠯᠵᠤ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠬᠥᠮᠥᠰ ᠤᠨ ᠪᠣᠯᠪᠠᠰᠤᠷᠠᠯ ᠢ ᠰᠠᠶᠢᠲᠤᠷ ᠬᠢᠵᠦ᠂ ᠨᠢᠭᠡᠳᠦᠭᠡᠷ ᠹᠷᠣᠨᠲ ᠤᠨ ᠬᠠᠮᠢᠶᠠᠷᠤᠯᠲᠠ ᠶᠢᠨ ᠠᠵᠢᠯᠲᠠᠨ ᠪᠣᠯᠣᠨ ᠠᠵᠢᠯᠯᠠᠭᠰᠠᠳ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠠᠬᠢ ᠪᠤᠢ ᠪᠣᠯᠭᠠᠵᠤ᠂ ᠠᠵᠢᠯ ᠤᠨ ᠠᠷᠭ᠎ᠠ ᠬᠡᠯᠪᠡᠷᠢ ᠶᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ︽ᠮᠡᠳᠡᠭᠦᠯᠬᠦ ᠦᠭᠡᠢ︾ ᠳᠦᠷᠢᠮ ᠢ ᠬᠡᠷᠡᠭᠵᠢᠭᠦᠯᠵᠦ᠂ ︽ᠲᠠᠪᠤ ᠶᠢ ᠦᠯᠦ ᠡᠭᠦᠰᠬᠡᠬᠦ︾ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠪᠦᠬᠦ ᠤᠯᠤᠰ ᠤᠨ ᠬᠤᠶᠠᠷ ᠬᠤᠷᠠᠯ ᠤᠨ ᠬᠤᠷᠠᠯᠳᠤᠬᠤ ᠳᠤ ᠡᠶ᠎ᠡ ᠵᠣᠬᠢᠴᠠᠩᠭᠤᠢ ᠲᠣᠭᠲᠠᠭᠤᠨ ᠤᠯᠤᠰ ᠲᠦᠷᠦ ᠶᠢᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ᠃ ᠲᠣᠮᠣ ᠬᠡᠯᠪᠡᠷᠢ ᠶᠢᠨ ᠠᠵᠢᠯᠯᠠᠭ᠎ᠠ ᠶᠢᠨ ᠬᠤᠭᠤᠴᠠᠭᠠᠨ ᠳᠠᠬᠢ ᠠᠮᠤᠷ ᠢ ᠬᠠᠮᠠᠭᠠᠯᠠᠬᠤ ᠪᠠᠴᠢᠮ ᠪᠠᠶᠢᠳᠠᠯ ᠢ ᠠᠷᠭᠠᠴᠠᠬᠤ ᠠᠵᠢᠯ ᠢ ᠴᠢᠩᠭᠠᠳᠬᠠᠵᠤ᠂ ᠡᠯ᠎ᠡ ᠵᠦᠢᠯ ᠤᠨ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠪᠠ ᠤᠬᠠᠭᠤᠯᠤᠨ ᠰᠠᠨᠠᠭᠤᠯᠬᠤ ᠠᠵᠢᠯ ᠢ ᠥᠷᠨᠢᠭᠦᠯᠵᠦ᠂ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号