ᠾᠧ ᠯᠢ ᠹᠧᠩ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ
ᠨᠡᠶᠢᠲᠡᠯᠡᠭᠰᠡᠨ ᠴᠠᠭ᠄
2024/3/8
    3 ᠰᠠᠷ᠎ᠠ ᠶᠢᠨ 5 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠾᠧ ᠯᠢ ᠹᠧᠩ ᠲᠡᠭᠦᠨ ᠤ ᠪᠠᠶᠢᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃
   
   ᠾᠧ ᠯᠢ ᠹᠧᠩ ᠬᠢᠨᠠᠨ ᠵᠥᠪᠯᠡᠬᠦ ᠳᠡᠭᠡᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠥᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠦᠨᠡᠨ ᠬᠦ ᠠᠳᠬᠤᠨ ᠪᠤᠲᠠᠲᠠᠢ ᠠᠵᠢᠯᠯᠠᠵᠤ᠂ ᠵᠣᠷᠢᠭᠲᠠᠢ ᠤᠷᠤᠭᠰᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠡᠨᠡ ᠵᠢᠯ ᠤᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ ᠴᠢᠬᠤᠯᠠ ᠬᠦᠴᠦᠯᠡᠬᠦ ᠴᠡᠭ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠥᠪᠥᠷ ᠮᠣᠩᠭᠤᠯ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠤᠨ ᠲᠤᠬᠠᠢ ᠪᠠᠶᠢᠯᠳᠤᠬᠤ ᠪᠣᠳᠤᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠤᠬᠢᠷᠳᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ ᠪᠦᠲᠦᠭᠡᠨ ᠪᠠᠶᠢᠭᠤᠯᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠳᠤᠮᠳᠠᠳᠤ ᠤᠯᠤᠰ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠡᠢ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号