ᠮᠠᠨ ᠤ ᠬᠤᠰᠢᠭᠤ 3·15᠎ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/4/1
      ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠰᠢᠨ᠎ᠡ ᠪᠠᠶᠢᠳᠠᠯ ᠢ ᠡᠭᠦᠳᠴᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ︽ᠢᠷᠭᠡᠨ ᠤ ᠬᠠᠤᠯᠢ ᠶᠢᠨ ᠪᠢᠴᠢᠭ︾᠂             ︽ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠴᠢᠳ ᠤᠨ ᠡᠷᠬᠡ‌ᠠᠰᠢᠭ ᠢ ᠬᠠᠮᠠᠭᠠᠯᠠᠬᠤ ᠲᠦᠷᠢᠮ︾ ᠵᠡᠷᠭᠡ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠬᠦ ᠤᠬᠠᠭᠤᠯᠭ᠎ᠠ ᠎ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 15᠎ ᠤ ᠡᠳᠦᠷ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠥᠬᠦ ᠣᠷᠣᠨ ᠤ ᠨᠠᠶᠢᠳᠠᠪᠦᠷᠢᠲᠠᠢ ᠬᠡᠷᠡᠭᠯᠡᠭᠡ ᠶᠢᠨ ᠵᠢᠱᠢᠶ᠎ᠡ ᠦᠵᠡᠭᠦᠯᠬᠦ ᠬᠤᠳᠠᠯᠳᠤᠭᠠᠨ ᠤ ᠲᠣᠭᠤᠷᠢᠭ ᠲᠤ 2024 ᠣᠨ ᠤ ︽ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠬᠦ︾ ᠡᠷᠬᠡ ᠠᠰᠢᠭ ᠢ ᠬᠠᠮᠠᠭᠠᠯᠠᠬᠤ ᠣᠨ ᠵᠢᠴᠢ ︽ᠨᠠᠶᠢᠳᠠᠪᠦᠷᠢᠲᠠᠢ ᠬᠡᠷᠡᠭᠯᠡᠭᠡ ᠥᠪᠥᠷ ᠮᠣᠩᠭᠤᠯ ᠳᠤ  ︾ 3·15᠎ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ  ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ  ᠪᠠᠶᠢᠭᠤᠯᠵᠤ ᠥᠷᠨᠢᠭᠦᠯᠪᠡ᠃        ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠥᠭᠵᠢᠭᠦᠯᠦᠯᠲᠡ ᠥᠭᠡᠷᠡᠴᠢᠯᠡᠯᠲᠡ ᠶᠢᠨ        ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠪᠠ ᠡᠯ᠎ᠡ ᠪᠠᠭ᠎ᠠ ᠵᠢᠵᠢᠭ ᠠᠵᠤ ᠠᠬᠤᠶᠢᠯᠠᠯ᠂ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠶᠢᠨ ᠲᠥᠯᠥᠭᠡᠯᠡᠭᠴᠢ ᠵᠢᠴᠢ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠥᠬᠦ ᠺᠠᠳ᠋ᠷ ᠠᠵᠢᠯᠲᠠᠨ ᠠᠵᠢᠯᠯᠠᠭ᠎ᠠ ᠳᠤ  ᠤᠷᠤᠯᠴᠠᠵᠠᠢ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠠᠰᠠᠭᠤᠨ ᠯᠠᠪᠯᠠᠬᠤ ᠲᠠᠪᠴᠠᠩ᠂ ᠤᠬᠠᠭᠤᠯᠭ᠎ᠠ ᠶᠢᠨ ᠳᠡᠯᠭᠡᠨ ᠦᠵᠡᠭᠦᠯᠬᠦ ᠰᠠᠮᠪᠠᠷ᠎ᠠ ᠭᠠᠷᠭᠠᠬᠤ᠂ ᠬᠠᠭᠤᠷᠮᠠᠭ ᠮᠠᠭᠤ ᠲᠠᠸᠠᠷ ᠢ ᠳᠡᠯᠭᠡᠨ ᠦᠵᠡᠭᠦᠯᠬᠦ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠯᠠᠪᠯᠠᠭ᠎ᠠ ᠬᠠᠩᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠶᠡᠷᠦᠩᠬᠡᠶᠢᠯᠡᠭᠰᠡᠨ ᠤᠬᠠᠭᠤᠯᠭ᠎ᠠ ᠥᠷᠨᠢᠭᠦᠯᠦᠭᠰᠡᠨ ᠤ ᠬᠠᠮᠲᠤ᠂ ᠡᠯ᠎ᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠪᠤᠷᠢ ᠨᠢ ᠲᠣᠰ ᠲᠣᠰ ᠎ ᠤᠨ ᠬᠠᠷᠢᠶ᠎ᠠ ᠣᠷᠣᠨ ᠳᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠡᠷᠬᠡ ᠠᠰᠢᠭ ᠢᠶᠠᠨ ᠬᠠᠮᠠᠭᠠᠯᠠᠬᠤ ᠬᠠᠮᠲᠤᠷᠠᠯ ᠬᠦᠴᠦᠨ ᠢ ᠪᠦᠷᠢᠯᠳᠦᠭᠦᠯᠵᠦ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠪᠠ᠃ ᠲᠤᠬᠠᠶ ᠶᠢᠨ ᠲᠠᠯᠠᠪᠠᠶ ᠳᠤ 200 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠣᠯᠠᠨ ᠲᠦᠮᠡᠨ ᠤ ᠡᠯ᠎ᠡ ᠵᠦᠶᠯ ᠤᠨ ᠠᠰᠠᠭᠤᠯᠲᠠ ᠳᠤ 50 ᠭᠠᠷᠤᠶ ᠬᠠᠷᠢᠭᠤᠯᠲᠠ ᠥᠭᠴᠦ᠂ ᠰᠠᠶᠢᠨ ᠰᠠᠶᠢᠬᠠᠨ ᠤᠬᠠᠭᠤᠯᠭ᠎ᠠ ᠶᠢᠨ ᠦᠷ᠎ᠡ ᠪᠦᠲᠦᠮᠵᠢ ᠤᠯᠪᠠ᠃      ᠠᠬᠤᠢ ᠲᠠᠯᠠᠪᠠᠢ ᠳᠤ ᠪᠠᠰᠠ ᠲᠣᠷᠭᠠᠵᠤ ᠬᠤᠷᠢᠶᠠᠭᠰᠠᠨ ᠡᠳᠦᠷ ᠲᠤᠳᠤᠮ ᠤᠨ ᠬᠡᠷᠡᠭᠯᠡᠭᠡᠨ ᠤ ᠵᠦᠢᠯ᠂ ᠬᠡᠷ ᠤᠨ ᠴᠠᠬᠢᠯᠭᠠᠨ ᠬᠡᠷᠡᠭᠰᠡᠯ᠂ ᠢᠳᠡᠭᠡᠨ ᠵᠡᠷᠭᠡ ᠬᠠᠭᠤᠷᠮᠠᠭ ᠮᠠᠭᠤ ᠲᠠᠸᠠᠷ ᠢ ᠳᠡᠯᠭᠡᠨ ᠦᠵᠡᠭᠦᠯᠵᠦ᠂ ᠪᠣᠬᠢᠷᠳᠤᠯ ᠦᠭᠡᠢ ᠪᠠᠷ ᠲᠥᠪᠯᠡᠷᠡᠭᠦᠯᠦᠨ ᠤᠰᠠᠳᠬᠠᠵᠤ᠂ ᠨᠡᠶᠢᠲᠡ 190 ᠭᠠᠷᠤᠶ ᠬᠤᠪᠢ᠂ 1500 ᠭᠠᠷᠤᠶ ᠵᠢᠩ ᠬᠠᠭᠤᠷᠮᠠᠭ ᠮᠠᠭᠤ ᠲᠠᠸᠠᠷ ᠎ ᠢ ᠲᠥᠪᠯᠡᠷᠡᠭᠦᠯᠦᠨ ᠤᠰᠠᠳᠬᠠᠵᠤ᠂ ᠬᠠᠭᠤᠷᠮᠠᠭ ᠮᠠᠭᠤ ᠲᠠᠸᠠᠷ ᠦᠶᠯᠡᠳᠴᠦ ᠪᠣᠷᠣᠯᠠᠭᠤᠯᠬᠤ ᠵᠡᠷᠭᠡ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠤᠯᠠᠮ ᠨᠢᠭᠡ ᠠᠯᠬᠤᠮ ᠰᠦᠷᠳᠡᠭᠦᠯᠦᠯ ᠦᠵᠡᠭᠦᠯᠦᠨ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠨ᠂ ᠪᠥᠬᠦ ᠬᠤᠰᠢᠭᠤᠨ ᠤ ᠥᠷᠭᠡᠨ ᠣᠯᠠᠨ ᠬᠡᠷᠡᠭᠯᠡᠭᠴᠢᠳ ᠲᠤ ᠲᠥᠪ ᠴᠢᠩᠭ᠎ᠠ ᠠᠮᠠᠯᠠᠯᠲᠠ ᠬᠢᠭᠰᠡᠨ ᠪᠠᠶᠢᠨ᠎ᠠ᠃      ᠣᠶᠢᠯᠠᠭᠠᠭᠰᠠᠨ ᠢᠶᠠᠷ᠂ 2023 ᠣᠨ ᠳᠤ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠡᠷᠡᠭᠯᠡᠭᠴᠢᠳ ᠤᠨ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ᠂ ᠯᠠᠪᠯᠠᠭ᠎ᠠ ᠶᠢ ᠨᠡᠶᠢᠲᠡ 271 ᠬᠤᠪᠢ ᠭᠥᠯᠢᠶᠡᠨ ᠠᠪᠴᠤ᠂ ᠲᠠᠸᠠᠷ ᠤᠨ ᠶᠠᠰᠤ ᠴᠢᠨᠠᠷ᠂ ᠦᠨ᠎ᠡ ᠬᠠᠩᠰᠢ᠂ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡ᠂ ᠢᠳᠡᠭᠡᠨ ᠤ ᠠᠮᠤᠷ ᠲᠦᠪᠰᠢᠨ ᠵᠡᠷᠭᠡ ᠣᠯᠠᠨ ᠲᠠᠯ᠎ᠠ ᠳᠤ ᠬᠤᠯᠪᠣᠭᠳᠠᠵᠠᠶ᠃ ᠮᠠᠨ ᠤ ᠬᠤᠰᠢᠭᠤ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠨᠠᠶᠢᠳᠠᠪᠦᠷᠢᠲᠠᠢ ᠬᠡᠷᠡᠭᠯᠡᠭᠡ ᠶᠢᠨ ᠵᠢᠱᠢᠶ᠎ᠡ ᠦᠵᠡᠭᠦᠯᠬᠦ ᠬᠤᠳᠠᠯᠳᠤᠭᠠᠨ ᠤ ᠲᠣᠭᠤᠷᠢᠭ᠂ ᠬᠢᠯᠢ ᠶᠢᠨ ᠪᠣᠭᠤᠮᠲᠠ ᠶᠢᠨ ᠬᠢᠯᠢ ᠠᠯᠤᠰᠯᠠᠭᠰᠠᠨ ᠬᠡᠷᠡᠭᠯᠡᠭᠡ ᠶᠢᠨ ᠡᠷᠬᠡ ᠠᠰᠢᠭ ᠢ ᠬᠠᠮᠠᠭᠠᠯᠠᠬᠤ ᠥᠷᠲᠡᠭᠡ᠂         ︽ᠨᠠᠰᠤᠲᠠᠢ ᠨᠢᠯᠬᠠᠰ︾᠎ ᠤᠨ ᠨᠠᠶᠢᠳᠠᠪᠦᠷᠢᠲᠠᠢ ᠬᠡᠷᠡᠭᠯᠡᠭᠡ ᠶᠢᠨ ᠰᠠᠭᠤᠷᠢᠨ ᠭᠠᠵᠠᠷ ᠪᠠ ︽ᠢᠨᠲ᠋ᠧᠷ ᠰᠦᠯᠵᠢᠶ᠎ᠡ + ᠣᠶᠤᠨᠴᠢ ᠬᠢᠨᠠᠯᠲᠠ ᠬᠠᠮᠢᠶᠠᠷᠤᠯᠲᠠ︾᠎ ᠶᠢᠨ ᠲᠠᠪᠴᠠᠩ ᠢ ᠪᠠᠶᠢᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠤ ᠵᠠᠭᠠᠯᠳᠤᠵᠤ ᠢᠯᠡᠴᠢᠯᠡᠨ ᠮᠡᠳᠡᠭᠦᠯᠦᠭᠰᠡᠨ᠂ ᠴᠠᠭ ᠲᠤᠬᠠᠢ ᠳᠤᠨᠢ ᠬᠦᠯᠢᠶᠡᠨ ᠠᠪᠤᠭᠰᠠᠨ ᠨᠣᠷᠮ᠎ᠠ᠂ ᠴᠠᠭ ᠲᠤᠬᠠᠢ ᠳᠤᠨᠢ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ᠂ ᠰᠢᠢᠳᠪᠦᠷᠢᠯᠡᠭᠰᠡᠨ ᠦᠷ᠎ᠡ ᠳ᠋ᠦᠩ ᠤᠨ ᠬᠠᠨᠤᠮᠵᠢ ᠶᠢᠨ ᠨᠣᠷᠮ᠎ᠠ ᠨᠢ ᠴᠥᠮ 100 %᠎ ᠳᠤ ᠬᠦᠷᠴᠦ᠂ ᠢᠳᠡᠭᠡᠨ ᠪᠠ ᠡᠮ ᠤᠨ ᠵᠦᠢᠯᠡᠰ ᠤᠨ ᠬᠡᠷᠡᠭᠯᠡᠭᠡ ᠶᠢᠨ ᠡᠷᠬᠡ ᠠᠰᠢᠭ ᠢ ᠬᠠᠮᠠᠭᠠᠯᠠᠬᠤ ᠵᠠᠭᠠᠯᠳᠤᠯᠭ᠎ᠠ ᠶᠢ ᠰᠢᠢᠳᠪᠦᠷᠢᠯᠡᠭᠰᠡᠨ ᠢᠶᠠᠷ ᠢᠶᠠᠨ ᠪᠦᠬᠦ ᠠᠶᠢᠮᠠᠭ ᠲᠤ ᠨᠢᠭᠡᠳᠦᠭᠡᠷ ᠲᠤ ᠣᠷᠣᠵᠤ᠂ ᠵᠠᠷᠭᠤ ᠪᠠᠶᠢᠪᠠᠯ ᠵᠠᠪᠠᠯ ᠬᠦᠯᠢᠶᠡᠨ ᠠᠪᠬᠤ᠂ ᠵᠠᠷᠭᠤ ᠶᠢ ᠬᠦᠯᠢᠶᠡᠨ ᠠᠪᠤᠪᠠᠯ ᠳᠠᠷᠤᠢ ᠳᠤᠨᠢ ᠰᠢᠢᠳᠪᠦᠷᠢᠯᠡᠬᠦ ᠶᠢ ᠦᠨᠡᠨᠬᠦ ᠪᠡᠶᠡᠯᠡᠭᠦᠯᠪᠡ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠨᠠᠶᠢᠳᠠᠪᠦᠷᠢᠲᠠᠢ ᠬᠡᠷᠡᠭᠯᠡᠭᠡᠨ ᠤ ᠣᠷᠴᠢᠨ ᠲᠣᠭᠤᠷᠢᠨ ᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠬᠡᠷᠡᠭᠯᠡᠭᠡᠨ ᠤ ᠢᠲᠡᠭᠡᠯ ᠢ ᠦᠷᠭᠦᠯᠵᠢᠯᠡᠨ ᠨᠡᠮᠡᠭᠳᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ  ᠨᠡᠮᠡᠭᠳᠡᠭᠦᠯᠬᠦ ᠪᠤᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号