2024 ᠣᠨ ᠤ ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/1
      3 ᠰᠠᠷ᠎ᠠ ᠶᠢᠨ 15᠎ ᠤ ᠡᠳᠦᠷ᠂ ᠮᠠᠨ ᠤ ᠬᠤᠰᠢᠭᠤ 2024 ᠣᠨ ᠤ ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠤ  ᠪᠡᠯᠴᠢᠭᠡᠷ ᠰᠡᠷᠭᠦᠭᠡᠬᠦ ᠠᠵᠢᠯ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠭᠤᠯᠵᠤ᠂ ᠳᠡᠳ᠋ ᠬᠤᠰᠢᠭᠤ ᠳᠠᠷᠤᠭ᠎ᠠ ᠰᠡᠴᠡᠨ ᠪᠣᠯᠣᠨ ᠬᠤᠰᠢᠭᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ        ︵ᠲᠠᠯᠠᠪᠠᠶ︶᠎ ᠶᠢᠨ ᠨᠠᠮ ᠵᠠᠰᠠᠭ ᠤᠨ ᠭᠤᠤᠯ ᠤᠳᠤᠷᠢᠳᠤᠯᠭ᠎ᠠ᠂ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠰᠡᠴᠡᠨ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠡᠯ᠎ᠡ ᠰᠤᠮᠤ ᠪᠠᠯᠭᠠᠰᠤ ︵ᠲᠠᠯᠠᠪᠠᠶ︶᠎ ᠲᠠᠢ 2024 ᠣᠨ ᠤ ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠤᠨ ᠬᠠᠷᠢᠭᠤᠴᠠᠯᠭ᠎ᠠ ᠶᠢᠨ ᠪᠢᠴᠢᠭ ᠲᠣᠭᠲᠠ᠂ ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠳᠣᠬᠠᠨ ᠤ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠬᠢᠨᠠᠮᠠᠭᠠᠶ ᠰᠠᠶᠢᠲᠤᠷ ᠬᠢᠬᠦ ᠲᠤᠬᠠᠶ ᠳᠡᠭᠡᠳᠦ ᠱᠠᠲᠤᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃      ᠬᠤᠷᠠᠯ ᠠᠴᠠ ᠵᠢᠭᠠᠬᠤ ᠳᠠᠭᠠᠨ᠂ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠤ  ᠪᠡᠯᠴᠢᠭᠡᠷ ᠰᠡᠷᠭᠦᠭᠡᠬᠦ ᠠᠵᠢᠯ ᠢ ᠬᠡᠷᠡᠭᠵᠢᠭᠦᠯᠬᠦ ᠪᠣᠯ ᠨᠤᠲᠤᠭ ᠪᠡᠯᠴᠢᠭᠡᠷ ᠢ ᠠᠮᠤᠷᠵᠢᠭᠤᠯᠤᠨ ᠲᠡᠩᠬᠡᠷᠡᠭᠦᠯᠬᠦ ᠶᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠪᠠᠰᠠ ᠴᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠎ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠵᠢᠯᠯᠠᠭ᠎ᠠ ᠪᠣᠯᠤᠨ᠎ᠠ᠃ ᠡᠯ᠎ᠡ ᠰᠤᠮᠤ ᠪᠠᠯᠭᠠᠰᠤ ︵ᠲᠠᠯᠠᠪᠠᠶ︶᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠳᠣᠬᠠᠨ ᠎ ᠤ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨ ᠬᠦ        ᠴᠢᠩᠭᠠᠳᠬᠠᠵᠤ᠂  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠲᠦᠷᠢᠮ︾᠂  ︽ᠰᠢᠯᠢ ᠶᠢᠨ ᠭᠤᠤᠯ ᠠᠶᠢᠮᠠᠭ ᠤᠨ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠤᠭᠰᠤᠭᠠᠵᠤ ᠪᠡᠯᠴᠢᠭᠡᠷ ᠢ ᠰᠡᠷᠭᠦᠭᠡᠬᠦ ᠠᠵᠢᠯ ᠤᠨ ᠬᠡᠷᠡᠭᠵᠢᠭᠦᠯᠬᠦ ᠰᠠᠨᠠᠯ︾ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠨᠠᠷᠢᠨ ᠬᠢᠨᠠᠮᠠᠭᠠᠶ ᠳᠤᠭᠤᠰᠢᠯᠠᠭᠤᠯᠵᠤ᠂ ᠦᠨᠡᠨ ᠬᠦ ᠠᠳᠬᠤᠵᠤ ᠪᠣᠳᠠᠲᠠᠶ ᠠᠵᠢᠯᠯᠠᠬᠤ ᠠᠵᠢᠯ ᠤᠨ ᠰᠤᠷᠲᠠᠯ ᠪᠠ ᠪᠣᠳᠠᠲᠠᠶ ᠶᠢ ᠡᠷᠬᠢᠮᠯᠡᠭᠰᠡᠨ ᠬᠦᠴᠦᠲᠡᠶ ᠠᠵᠢᠯ ᠤᠨ ᠠᠷᠭ᠎ᠠ ᠬᠡᠮᠵᠢᠶ᠎ᠡ ᠪᠠᠷ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠢ ᠴᠢᠩᠭ᠎ᠠ ᠠᠳᠬᠤᠨ ᠪᠣᠳᠠᠲᠠᠶ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠣᠳᠣᠬᠠᠨ ᠳᠤ ᠪᠥᠬᠦ ᠬᠤᠰᠢᠭᠤ ᠪᠠᠷ ᠢᠶᠠᠨ ᠬᠠᠪᠤᠷ ᠤᠨ ᠤᠯᠠᠷᠢᠯ ᠎ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠᠴᠢᠮ ᠴᠢᠬᠤᠯᠠ ᠴᠠᠭ ᠦᠶ᠎ᠡ ᠳᠤ ᠣᠷᠤᠭᠰᠠᠨ ᠪᠤᠯᠬᠤᠷ᠂ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠲᠤ ᠪᠣᠶ ᠪᠤᠯᠭᠠᠨ ︽ᠰᠡᠷᠭᠡᠶᠢᠯᠡᠬᠦ ᠪᠠᠷ ᠭᠤᠤᠯ ᠪᠣᠯᠭᠠᠬᠤ᠂ ᠰᠡᠷᠭᠡᠶᠢᠯᠡᠬᠦ ᠤᠨᠲᠠᠷᠠᠭᠠᠬᠤ ᠶᠢ ᠤᠶᠠᠯᠳᠤᠭᠤᠯᠬᠤ᠂ ᠪᠦᠲᠦᠮᠵᠢᠲᠡᠶ ᠤᠨᠲᠠᠷᠠᠭᠠᠨ ᠠᠪᠤᠷᠠᠬᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠴᠢᠭᠯᠡᠯᠲᠡ ᠶᠢ ᠢᠮᠠᠭᠲᠠ  ᠪᠠᠷᠢᠮᠲᠠᠯᠠᠨ᠂ ᠭᠠᠯ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ᠂ ᠳᠠᠯᠳᠠ ᠭᠡᠮ ᠎ ᠢ ᠵᠢᠭᠰᠠᠭᠠᠨ ᠪᠠᠶᠢᠴᠠᠭᠠᠬᠤ᠂ ᠴᠠᠭᠳᠠᠨ ᠪᠠᠶᠢᠴᠠᠭᠠᠵᠤ ᠴᠠᠭᠳᠠᠨ ᠬᠠᠮᠠᠭᠠᠯᠠᠬᠤ᠂ ᠤᠷᠢᠳᠴᠢᠯᠠᠨ ᠰᠡᠷᠡᠮᠵᠢᠯᠡᠵᠦ ᠬᠢᠨᠠᠨ ᠰᠢᠯᠭᠠᠬᠤ᠂ ᠪᠣᠯᠪᠠᠰᠤᠷᠠᠯ ᠰᠣᠷᠢᠯᠲᠠ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷ ᠵᠡᠷᠭᠡ ᠠᠵᠢᠯ ᠢ ᠪᠦᠬᠦ ᠬᠦᠴᠦᠨ ᠎ ᠢᠶᠠᠷ ᠢᠶᠠᠨ ᠰᠠᠶᠢᠲᠤᠷ ᠬᠢᠵᠦ᠂ ᠬᠢᠯᠢ ᠶᠢᠨ ᠭᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠦᠮᠦᠰ ᠤᠨ ᠬᠠᠮᠠᠭᠠᠯᠠᠯᠲᠠ᠂ ᠪᠣᠳᠠᠰ ᠤᠨ ᠬᠠᠮᠠᠭᠠᠯᠠᠯᠲᠠ᠂ ᠮᠡᠷᠭᠡᠵᠢᠯ ᠢᠶᠠᠷ ᠰᠡᠷᠭᠡᠶᠢᠯᠡᠬᠦ ᠣᠯᠠᠨ ᠠᠷᠭ᠎ᠠ ᠶᠢ ᠵᠡᠷᠭᠡ ᠪᠠᠷ ᠬᠡᠷᠡᠭᠯᠡᠬᠦ ᠶᠢ ᠪᠡᠶᠡᠯᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠠᠷᠭᠠᠴᠠᠭᠠᠨ ᠰᠢᠶᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠪᠡ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号