ᠬᠤᠰᠢᠭᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠳᠣᠯᠣᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/10
      3 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶ᠎ᠠ ᠬᠢᠨᠠᠨ ᠪᠤᠳᠤᠬᠤ ᠵᠥᠪᠯᠡᠯ ᠤᠨ ᠳᠣᠯᠣᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ  ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠢ ᠡᠷᠭᠢᠯᠡᠵᠦ᠂ ᠬᠤᠰᠢᠭᠤ ᠨᠠᠮ ᠤᠨ ᠬᠤᠷᠢᠶᠠᠨ  ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠶᠢᠨ ᠯᠢᠶᠠᠩ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ  ᠤ ᠠᠯᠪᠠᠨ ᠬᠡᠷ ᠤᠨ ᠡᠷᠬᠢᠯᠡᠭᠴᠢ ᠸᠠᠩ ᠬᠤᠩ ᠶᠠᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠶᠠᠨ ᠬᠤᠷᠠᠯ ᠳᠤ ᠣᠷᠣᠯᠴᠠᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠬᠢᠨᠠᠨ ᠪᠤᠳᠤᠬᠤ ᠵᠥᠪᠯᠡᠯ ᠤᠨ ᠠᠩᠬᠠᠳᠤᠭᠠᠷ ᠣᠳᠠᠭᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠭᠤᠷᠪᠠᠳᠤᠭᠠᠷ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠠᠶᠢᠮᠠᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠵᠢᠷᠭᠤᠳᠤᠭᠠᠷ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠰᠢᠭᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ  ᠃      ᠬᠤᠷᠠᠯ ᠠᠴᠠ ᠴᠢᠬᠤᠯᠠᠴᠢᠯᠠᠬᠤ ᠳᠠᠭᠠᠨ᠂ ᠬᠤᠰᠢᠭᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠪᠣᠯᠤᠨ ᠬᠢᠨᠠᠨ ᠪᠤᠳᠤᠬᠤ ᠪᠠᠶᠢᠭᠤᠯᠭ᠎ᠠ ᠤᠯᠤᠰ ᠲᠥᠷᠥ ᠶᠢᠨ ᠵᠣᠭᠰᠣᠴᠠ᠂ ᠤᠯᠤᠰ ᠲᠥᠷᠥ ᠶᠢᠨ ᠤᠬᠠᠮᠰᠠᠷ ᠢᠶᠠᠨ ᠴᠢᠨᠠᠭᠰᠢᠳᠠ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ‌‍ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠱᠤᠭᠤᠮ ᠤᠨ ᠲᠣᠭᠤᠷᠢᠨ ᠳᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂         ︿︿ᠵᠢᠷᠭᠤᠭᠠᠨ ᠢᠨᠵᠧᠨᠧᠷᠢᠩ﹀﹀ ᠢ ᠭᠥᠯᠢᠶᠡᠨ ᠠᠪᠬᠤ ᠵᠢᠴᠢ ᠠᠵᠤ ᠦᠶᠯᠡᠰ ᠤᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠬᠤ ᠵᠡᠷᠭᠡ ᠡᠯ᠎ᠡ ᠵᠦᠶᠯ ᠤᠨ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠪᠤᠳᠤᠬᠤ ᠠᠵᠢᠯ ᠤᠨ ᠭᠠᠷᠳᠠᠬᠤ ᠴᠡᠭ᠂ ᠬᠦᠴᠦᠯᠡᠬᠦ ᠴᠡᠭ ᠪᠣᠯᠤᠨ ᠲᠤᠰᠤᠯᠲᠠ ᠶᠢᠨ ᠴᠡᠭ ᠢ ᠣᠨᠣᠪᠴᠢᠲᠠᠶ ᠣᠯᠵᠤ᠂ ᠬᠢᠨᠠᠨ ᠪᠤᠳᠤᠬᠤ ᠠᠵᠢᠯ ᠤᠨ ᠪᠣᠳᠠᠲᠤ ᠠᠵᠢᠯᠯᠠᠭ᠎ᠠ ᠪᠣᠯᠤᠨ ᠲᠣᠪᠣᠶᠢᠮ᠎ᠠ ᠦᠷ᠎ᠡ ᠪᠦᠲᠦᠮᠵᠢ ᠪᠠᠷ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠬᠢᠨᠠᠨ ᠪᠤᠳᠤᠬᠤ ᠬᠢᠨᠠᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠠᠳᠬᠤᠵᠤ᠂ ᠬᠢᠨᠠᠨ ᠪᠤᠳᠤᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠬᠢᠨᠠᠨ ᠪᠤᠳᠤᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠡᠷᠡᠭᠵᠢᠭᠦᠯᠵᠦ᠂ ᠠᠰᠠᠭᠤᠳᠠᠯ ᠢ ᠢᠯᠡᠷᠡᠭᠦᠯᠬᠦ ᠪᠣᠯᠤᠨ ᠬᠢᠨᠠᠨ ᠪᠤᠳᠤᠯᠲᠠ ᠶᠢᠨ ᠴᠡᠭᠴᠡᠯᠡᠨ ᠰᠠᠶᠢᠵᠢᠷᠠᠭᠤᠯᠬᠤ   ᠢ ᠨᠢᠭᠡ ᠴᠤᠭᠴᠠᠵᠢᠭᠤᠯᠤᠨ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ  ᠶᠢ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠠᠮᠲᠤᠷᠠᠭᠰᠠᠨ ᠬᠦᠴᠦᠨ ᠢ ᠴᠢᠩᠭᠠᠳᠬᠠᠵᠤ᠂ ᠬᠢᠨᠠᠨ ᠪᠤᠳᠤᠯᠲᠠ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠢᠨᠠᠨ ᠪᠤᠳᠤᠯᠲᠠ ᠶᠢᠨ ᠴᠡᠭᠴᠡᠯᠡᠨ ᠰᠠᠶᠢᠵᠢᠷᠠᠭᠤᠯᠬᠤ ᠲᠦᠷᠢᠮ ᠤᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠲᠠᠰᠤᠷᠠᠯᠲᠠ ᠥᠬᠡᠶ ᠬᠤᠪᠢᠷᠠᠭᠤᠯᠬᠤ ᠬᠡᠷᠡᠭᠲᠡᠶ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号