ᠪᠦᠬᠦ ᠬᠤᠰᠢᠭᠤᠨ ᠤ ᠨᠠᠮ ᠤᠨ ᠪᠠᠶᠢᠭᠤᠯᠤᠯᠲᠠ ᠵᠢᠴᠢ ᠵᠣᠬᠢᠶᠠᠨ ᠪᠠᠶᠢᠭᠤᠯᠬᠤ ᠤᠬᠠᠭᠤᠯᠬᠤ ᠨᠢᠭᠡᠳᠦᠮᠡᠯ ᠹᠷᠣᠨᠲ ᠤᠯᠤᠰ ᠲᠥᠷᠥ ᠬᠠᠤᠯᠢ ᠴᠠᠭᠠᠵᠠ ᠣᠯᠠᠨ ᠲᠦᠮᠡᠨᠴᠢ ᠪᠦᠯᠬᠦᠮ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/10
      3 ᠰᠠᠷ᠎ᠠ ᠶᠢᠨ 26 ᠤ ᠡᠳᠦᠷ᠂ ᠮᠠᠨ ᠤ ᠬᠤᠰᠢᠭᠤ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ ᠵᠢᠴᠢ ᠵᠣᠬᠢᠶᠠᠨ ᠪᠠᠶᠢᠭᠤᠯᠬᠤ ᠤᠬᠠᠭᠤᠯᠬᠤ ᠨᠢᠭᠡᠳᠦᠮᠡᠯ ᠹᠷᠣᠨᠲ ᠤᠯᠤᠰ ᠲᠥᠷᠥ ᠬᠠᠤᠯᠢ ᠴᠠᠭᠠᠵᠠ ᠣᠯᠠᠨ ᠲᠦᠮᠡᠨᠴᠢ ᠪᠦᠯᠬᠦᠮ ᠤᠨ ᠠᠵᠢᠯ ᠤᠨ ᠬᠤᠷᠠᠯ ᠬᠤᠷᠠᠯᠳᠤᠵᠤ᠂ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠭᠤᠤᠯᠳᠠᠯᠭ᠎ᠠ ᠲᠠᠢ ᠠᠵᠢᠯ ᠡᠭᠦᠷᠭᠡ ᠶᠢ ᠰᠤᠳᠤᠯᠤᠨ ᠪᠠᠶᠢᠷᠢᠯᠠᠭᠤᠯᠪᠠ  ᠃ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ  ᠤᠨ ᠬᠤᠷᠢᠶᠠᠨ ᠤ ᠳᠡᠳ᠋ ᠱᠦᠵᠢ᠂ ᠬᠤᠰᠢᠭᠤ  ᠳᠠᠷᠤᠭ᠎ᠠ ᠵᠧᠦ ᠢᠦ᠋ᠶ ᠯᠦᠩ ᠬᠤᠷᠠᠯ ᠢ ᠡᠷᠭᠢᠯᠡᠪᠡ᠃      ᠬᠢᠩᠭᠠᠨ ᠵᠢᠭᠠᠬᠤ ᠳᠤ ᠪᠠᠨ᠂ ᠥᠩᠭᠡᠷᠡᠭᠰᠡᠨ ᠨᠢᠭᠡ ᠵᠢᠯ ᠳᠤ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ  ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ  ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠤᠨ ᠲᠣᠭᠤᠷᠢᠨ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ  ᠤᠨ ᠠᠵᠢᠯ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠡᠷᠡᠭᠦᠯ ᠥᠭᠡᠳᠡᠷᠬᠡᠭ ᠬᠥᠭᠵᠢᠯᠲᠡ ᠳᠤ ᠦᠢᠯᠡᠴᠢᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ ᠭᠡᠵᠡᠢ᠃      ᠬᠢᠩᠭᠠᠨ ᠴᠢᠬᠤᠯᠠᠴᠢᠯᠠᠬᠤ ᠳᠤ ᠪᠠᠨ᠂ 2024 ᠣᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ᠂ ︿︿ᠠᠷᠪᠠᠨ ᠳᠥᠷᠪᠡᠳᠦᠭᠡᠷ ᠲᠠᠪᠤᠨ ᠵᠢᠯ﹀﹀ ᠤᠨ ᠲᠥᠯᠥᠪᠵᠢᠭᠦᠯᠭᠡ  ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠂ ᠣᠳᠣᠬᠠᠨ ᠤ ᠪᠠ ᠬᠤᠶᠢᠰᠢᠳᠠ  ᠶᠢᠨ ᠨᠢᠭᠡ ᠬᠤᠭᠤᠴᠠᠭᠠᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠬᠠᠷᠢᠭᠤᠴᠠᠯᠭ᠎ᠠ ᠬᠦᠨᠳᠦ ᠶᠡᠭᠡ ᠶᠤᠮ᠃ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠠᠬᠢᠭᠤᠯᠬᠤ ᠪᠠᠷ ᠭᠤᠣᠯᠳᠠᠭᠤᠯᠵᠤ᠂ ᠰᠢᠰᠲ᠋ᠧᠮᠲᠦ ᠰᠡᠳᠬᠢᠬᠦᠢ᠂ ᠪᠦᠬᠦᠯᠢ ᠴᠣᠭᠴᠠ  ᠪᠠᠷ ᠲᠥᠯᠥᠪᠵᠢᠭᠦᠯᠬᠦ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠡᠷᠡᠰ ᠬᠦᠴᠦᠲᠡᠢ ᠠᠬᠢᠭᠤᠯᠵᠤ᠂ ᠵᠡᠭᠦᠨ ᠦᠵᠦᠮᠦᠴᠢᠨ ᠬᠤᠰᠢᠭᠤᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃      ᠬᠢᠩᠭᠠᠨ ᠱᠠᠭᠠᠷᠳᠠᠬᠤ ᠳᠤ ᠪᠠᠨ᠂ ᠵᠣᠬᠢᠶᠠᠨ ᠪᠠᠶᠢᠭᠤᠯᠬᠤ ᠠᠵᠢᠯ ᠳᠤ ᠴᠢᠭᠯᠡᠯ ᠢ ᠰᠠᠶᠢᠲᠤᠷ ᠡᠵᠡᠮᠳᠡᠬᠦ᠂ ᠮᠡᠷᠭᠡᠳ ᠢ ᠰᠣᠩᠭᠤᠨ ᠴᠢᠳᠠᠪᠤᠷᠢᠲᠠᠨ ᠢ ᠬᠡᠷᠡᠭᠯᠡᠬᠦ᠂ ᠰᠠᠭᠤᠷᠢ ᠶᠢ ᠪᠠᠬᠢᠵᠢᠭᠦᠯᠬᠦ ᠶᠢ ᠪᠠᠷᠢᠮᠲᠠᠯᠠᠵᠤ᠂ ᠨᠠᠮ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠴᠠᠭᠠᠷᠠᠭᠰᠠᠨ ᠡᠩᠨᠡᠭᠡᠨ ᠤ ᠪᠠᠶᠢᠭᠤᠯᠤᠯᠲᠠ  ᠶᠢ ᠴᠢᠩᠭᠠᠳᠬᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠣᠯᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ ᠶᠢᠨ ︿︿ᠭᠤᠤᠯ ᠰᠠᠭᠤᠷᠢᠨ ᠭᠠᠵᠠᠷ﹀﹀ ᠢ ᠪᠠᠲᠤ ᠴᠣᠭᠴᠠᠯᠠᠬᠤ ᠬᠡᠷᠡᠭᠲᠡᠶ᠃ ᠰᠤᠷᠲᠠᠯ ᠤᠬᠠᠭᠤᠯᠭ᠎ᠠ ᠶᠢᠨ ᠠᠵᠢᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠶᠢ ᠪᠠᠲᠤ ᠡᠵᠡᠮᠰᠢᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢᠨ ᠪᠠᠶᠢᠭᠤᠯᠤᠯᠲᠠ ᠶᠢᠨ ᠤᠷᠢᠶᠠᠯᠠᠬᠤ ᠬᠦᠴᠦᠨ ᠢ ᠲᠠᠰᠤᠷᠠᠯᠳᠠ ᠦᠭᠡᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠶᠢᠨ ︿︿ᠭᠤᠣᠯ ᠬᠦᠭ ᠠᠶᠠᠰ﹀﹀ ᠢ ᠬᠠᠩᠭᠢᠨᠠᠭᠤᠯᠬᠤ ᠬᠡᠷᠡᠭᠲᠡᠢ᠃ ᠨᠢᠭᠡᠳᠦᠮᠡᠯ ᠹᠷᠣᠨᠲ ᠤᠨ ᠠᠵᠢᠯ ᠨᠢ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠵᠡᠷᠭᠡ ᠪᠠᠷ ᠤᠷᠤᠭᠰᠢᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠬᠥᠭᠵᠢᠯᠲᠡ ᠶᠢᠨ ᠬᠠᠮᠲᠤᠷᠠᠯ ᠬᠦᠴᠦᠨ ᠢ ᠨᠢᠭᠲᠠᠷᠠᠭᠤᠯᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ  ᠶᠢ ᠠᠬᠢᠭᠤᠯᠬᠤ ᠲᠠᠯ᠎ᠠ ᠪᠠᠷ ᠰᠢᠨ᠎ᠡ ᠬᠡᠪ ᠳᠠᠭᠤᠷᠢᠶᠠᠯ ᠢ ᠪᠣᠶ ᠪᠣᠯᠭᠠᠵᠤ᠂ ᠱᠠᠰᠢᠨ ᠰᠤᠷᠲᠠᠬᠤᠨ ᠤ ᠡᠶ᠎ᠡ ᠵᠣᠬᠢᠴᠠᠩᠭᠤᠶ  ᠶᠢ ᠠᠬᠢᠭᠤᠯᠬᠤ ᠲᠠᠯ᠎ᠠ ᠪᠠᠷ ᠰᠢᠨ᠎ᠡ ᠬᠤᠪᠢ ᠨᠡᠮᠡᠷᠢ ᠦᠵᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠳᠤ ᠦᠶᠯᠡᠴᠢᠯᠡᠬᠦ ᠲᠠᠯ᠎ᠠ ᠪᠠᠷ ᠰᠢᠨ᠎ᠡ ᠠᠮᠵᠢᠯᠲᠠ ᠪᠦᠲᠦᠮᠵᠢ ᠣᠯᠵᠤ᠂ ᠴᠢᠨᠠᠷ ᠰᠠᠶᠢᠲᠠᠶ ᠬᠥᠭᠵᠢᠯᠲᠡ ᠶᠢᠨ ︿︿ᠢᠵᠢᠯ ᠲᠥᠪᠲᠦ ᠲᠣᠭᠤᠷᠢᠭ﹀﹀ ᠢ ᠰᠠᠶᠢᠲᠤᠷ ᠵᠢᠷᠤᠭᠯᠠᠬᠤ ᠬᠡᠷᠡᠭᠲᠡᠶ᠃ ᠤᠯᠤᠰ ᠲᠦᠷᠦ ᠬᠠᠤᠯᠢ ᠴᠠᠭᠠᠵᠠ ᠶᠢᠨ ᠠᠵᠢᠯ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠡᠷᠡᠰ ᠬᠠᠮᠠᠭᠠᠯᠠᠵᠤ᠂ ᠨᠡᠶᠢᠭᠡᠮ ᠤᠨ ᠵᠠᠰᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠨᠡᠶᠢᠭᠡᠮ ᠤᠨ ᠬᠠᠤᠯᠢᠵᠢᠯ ᠤᠨ ᠣᠷᠴᠢᠨ ᠲᠣᠭᠤᠷᠢᠨ ᠢ ᠲᠠᠰᠤᠷᠠᠯᠳᠠ ᠦᠭᠡᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ︿︿ᠠᠮᠤᠷ ᠲᠦᠪᠰᠢᠨ ᠤ ᠱᠤᠭᠤᠮ﹀﹀  ᠢ ᠪᠠᠲᠤ ᠰᠠᠬᠢᠬᠤ ᠬᠡᠷᠡᠭᠲᠡᠢ᠃ ᠣᠯᠠᠨ ᠲᠦᠮᠡᠨᠴᠢ ᠪᠦᠯᠬᠦᠮ ᠤᠨ ᠠᠵᠢᠯ ᠨᠢ ᠬᠠᠷᠢᠭᠤᠴᠠᠯᠭ᠎ᠠ ᠡᠭᠦᠷᠭᠡᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠠᠮ ᠤᠨ ᠲᠥᠪ ᠬᠤᠷᠢᠶ᠎ᠠ ᠪᠠ ᠳᠡᠭᠡᠳᠦ ᠱᠠᠲᠤᠨ ᠤ ᠨᠠᠮ ᠤᠨ ᠬᠤᠷᠢᠶ᠎ᠠ ᠵᠢᠴᠢ ᠬᠤᠰᠢᠭᠤ ᠨᠠᠮ ᠤᠨ ᠬᠤᠷᠢᠶᠠᠨ ᠤ ᠣᠯᠠᠨ ᠲᠦᠮᠡᠨᠴᠢ ᠪᠦᠯᠬᠦᠮ ᠤᠨ ᠠᠵᠢᠯ ᠤᠨ ᠲᠤᠬᠠᠶ ᠡᠯ᠎ᠡ ᠵᠦᠶᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠪᠠ ᠵᠠᠰᠠᠭ ᠤᠨ ᠣᠷᠳᠣᠨ ᠤ ᠣᠯᠠᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠶᠯᠡᠳᠦᠯ ᠢ ᠦᠨᠡᠨᠬᠦ ᠰᠠᠶᠢᠲᠤᠷ ᠪᠠᠳᠠᠷᠠᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ︿︿ᠲᠥᠪᠯᠡᠷᠡᠩᠭᠦᠶ ᠬᠦᠴᠦᠨ﹀﹀ ᠢ ᠨᠢᠭᠲᠠᠷᠠᠭᠤᠯᠬᠤ ᠬᠡᠷᠡᠭᠲᠡᠶ ᠭᠡᠵᠡᠢ  ᠃      ᠪᠥᠬᠦ ᠬᠤᠰᠢᠭᠤᠨ ᠤ ᠳᠡᠳ᠋ ᠭᠠᠵᠠᠷ ᠤᠨ ᠲᠠᠰ ᠠᠴᠠ ᠳᠡᠭᠡᠭᠰᠢᠬᠢ ᠨᠠᠮ ᠤᠨ ᠭᠡᠰᠢᠭᠦᠨ ᠤᠳᠤᠷᠢᠳᠬᠤ ᠺᠠᠳ᠋ᠷ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠵᠣᠬᠢᠶᠠᠨ ᠪᠠᠶᠢᠭᠤᠯᠬᠤ ᠬᠡᠯᠲᠡᠰ᠂ ᠤᠬᠠᠭᠤᠯᠬᠤ ᠬᠡᠯᠲᠡᠰ᠂ ᠨᠢᠭᠡᠳᠦᠮᠡᠯ ᠹᠷᠤᠨᠲ ᠤᠨ ᠬᠡᠯᠲᠡᠰ ᠪᠠ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠤᠷᠢᠭᠳᠠᠬᠤ ᠪᠠᠭ ᠤᠨ ᠪᠦᠷᠢᠯᠳᠦᠬᠦᠨ᠂ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠲᠤᠰᠬᠠᠶ ᠲᠤᠰᠢᠶᠠᠯᠲᠤ ᠳᠡᠳ᠋       ᠱᠦᠵᠢ᠂ ᠤᠬᠠᠭᠤᠯᠬᠤ᠂ ᠵᠣᠬᠢᠶᠠᠨ ᠪᠠᠶᠢᠭᠤᠯᠬᠤ ᠪᠠ ᠨᠢᠭᠡᠳᠦᠮᠡᠯ ᠹᠷᠣᠨᠲ ᠤᠨ ᠭᠡᠰᠢᠭᠦᠨ᠂ ᠬᠤᠰᠢᠭᠤ ᠰᠢᠭᠤᠳ ᠬᠠᠷᠢᠶ᠎ᠠ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠤᠨ ᠭᠤᠤᠯ ᠬᠠᠷᠢᠭᠤᠴᠠᠯᠭᠠᠲᠠᠨ ᠨᠥᠬᠦᠳ᠂ ᠡᠯ᠎ᠡ ᠠᠷᠠᠳ ᠤᠨ ᠪᠦᠯᠬᠦᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠤᠷᠠᠯ ᠳᠤ ᠣᠷᠣᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号