ᠮᠠᠨ ᠤ ᠬᠤᠰᠢᠭᠤ ᠦᠶᠯᠡᠴᠢᠯᠡᠭᠡᠨ ᠤ ᠠᠵᠢᠯ ᠲᠥᠷᠥᠯ ᠤᠨ ᠠᠵᠢᠯᠲᠠᠨ ᠤ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/4/11
      ᠰᠢᠨ᠎ᠡ ᠴᠠᠭ ᠦᠶ᠎ᠡ ᠶᠢᠨ ᠦᠶᠯᠡᠴᠢᠯᠡᠭᠡᠨ ᠤ ᠦᠶᠯᠡᠰ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠤᠨ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠬᠤᠰᠢᠭᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠢᠯ ᠣᠯᠭᠤᠯᠲᠠ ᠶᠢᠨ ᠦᠶᠯᠡᠴᠢᠯᠡᠭᠡᠨ ᠤ ᠲᠥᠪ ᠠᠴᠠ ᠬᠠᠮᠵᠢᠨ ᠡᠷᠭᠢᠯᠡᠭᠰᠡᠨ ᠵᠡᠭᠦᠨ ᠦᠵᠦᠮᠦᠴᠢᠨ ᠬᠤᠰᠢᠭᠤᠨ ᠤ ᠦᠶᠯᠡᠴᠢᠯᠡᠭᠡᠨ ᠤ ᠠᠵᠢᠯ ᠲᠥᠷᠥᠯ ᠤᠨ ᠠᠵᠢᠯᠲᠠᠨ ᠤ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ 3 ᠰᠠᠷ᠎ᠠ ᠶᠢᠨ 28᠎ ᠤ ᠡᠳᠦᠷ ᠠᠴᠠ 29᠎ ᠤ ᠡᠳᠦᠷ ᠪᠣᠯᠲᠠᠯ᠎ᠠ᠂ ᠬᠤᠰᠢᠭᠤ ᠤᠯᠠᠭᠠᠨᠮᠥ᠋ᠴᠢᠷ ᠤᠨ ᠮᠡᠳᠡᠭᠦᠯᠦᠯᠲᠡ ᠶᠢᠨ ᠲᠢᠩᠬᠢᠮ ᠳᠤ ᠶᠠᠪᠤᠭᠳᠠᠵᠠᠢ  ᠃      ᠳᠡᠳ᠋ ᠬᠤᠰᠢᠭᠤ ᠳᠠᠷᠤᠭ᠎ᠠ ᠠᠯᠲᠠᠨᠪᠠᠭᠠᠨ᠎ᠠ ᠪᠣᠯᠪᠠᠰᠤᠷᠠᠯ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠮᠠᠨ ᠤ ᠬᠤᠰᠢᠭᠤᠨ ᠤ ᠬᠤᠨᠤᠭ ᠪᠠᠭᠤᠳᠠᠯ᠂ ᠢᠳᠡᠭᠡᠨ ᠤᠮᠳᠠᠭᠠᠨ ᠤ ᠦᠶᠯᠡᠰ ᠡᠵᠡᠩᠨᠡᠭᠴᠢ᠂ ᠲᠣᠮᠣ ᠬᠡᠯᠪᠡᠷᠢ ᠎ ᠶᠢᠨ ᠬᠤᠳᠠᠯᠳᠤᠭ᠎ᠠ ᠳᠡᠯᠭᠡᠭᠦᠷ᠂ ᠮᠠᠯᠴᠢᠨ ᠠᠶᠢᠯ᠂ A ᠲᠠᠰ ᠤᠨ ᠦᠵᠡᠮᠵᠢ ᠶᠢᠨ ᠣᠷᠣᠨ᠂ ᠰᠣᠶᠣᠯ ᠵᠢᠭᠤᠯᠴᠢᠯᠠᠯ ᠎ ᠤᠨ ᠲᠠᠸᠠᠷ ᠤᠨ ᠳᠡᠯᠭᠡᠭᠦᠷ᠂ ᠣᠳᠣᠨ ᠲᠠᠰ ᠤᠨ ᠪᠠᠭᠤᠳᠠᠯ᠂ ᠰᠢᠯᠢ ᠶᠢᠨ ᠭᠤᠤᠯ ᠤᠨ ᠮᠢᠩᠭᠠᠨ ᠭᠠᠵᠠᠷ ᠤᠨ ᠲᠠᠯ᠎ᠠ ᠨᠤᠲᠤᠭ ᠤᠨ ᠦᠵᠡᠮᠵᠢ ᠶᠢᠨ ᠶᠡᠭᠡ ᠵᠠᠮ ᠳᠠᠭᠠᠤ ᠶᠢᠨ ᠥᠷᠲᠡᠭᠡ ᠶᠢᠨ ᠠᠵᠢᠯᠲᠠᠨ ᠨᠡᠶᠢᠲᠡ 200 ᠭᠠᠷᠤᠶ ᠬᠥᠮᠦᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ  ᠃      ᠪᠣᠯᠪᠠᠰᠤᠷᠠᠯ ᠨᠢ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠢᠭᠤᠯᠴᠢᠯᠠᠯ ᠤᠨ ᠬᠠᠮᠢᠶᠠᠷᠤᠯᠲᠠ ᠶᠢᠨ ᠰᠠᠯᠪᠤᠷᠢ ᠶᠢᠨ ᠡᠷᠬᠢᠯᠡᠭᠴᠢ᠂ ᠠᠰᠫᠢᠷᠠᠨᠲ ᠤᠨ ᠵᠢᠯᠣᠭᠤᠳᠤᠭᠴᠢ ᠪᠠᠭᠰᠢ ᠵᠢᠶᠠᠩ ᠬᠠᠢ ᠲᠤᠤ ᠫᠷᠤᠹᠧᠰᠰᠤᠷ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠺᠣᠮᠫᠢᠦ᠋ᠲ᠋ᠧᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠳᠤᠯᠭ᠎ᠠ ᠶᠢᠨ ᠰᠤᠷᠤᠭᠴᠢ ᠶᠢᠨ ᠵᠢᠯᠣᠭᠤᠳᠤᠭᠴᠢ ᠪᠠᠭᠰᠢ᠂ ᠬᠤᠭᠤᠯᠠᠨ ᠭᠡᠷ ᠤᠨ ᠦᠶᠯᠡᠴᠢᠯᠡᠭᠴᠢ ᠪᠣᠯᠪᠠᠰᠤᠷᠠᠭᠤᠯᠤᠭᠴᠢ ᠪᠠᠭᠰᠢ ᠴᠢᠮᠡᠭ᠂ ᠵᠡᠭᠦᠨ ᠦᠵᠦᠮᠦᠴᠢᠨ ᠬᠤᠰᠢᠭᠤᠨ ᠤ ᠭᠠᠯ ᠤᠨᠲᠠᠷᠠᠭᠠᠬᠤ ᠶᠡᠭᠡ ᠠᠩᠭᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠤᠭᠴᠢ ᠲᠢᠶᠠᠨ ᠰᠢᠨ᠂ ᠰᠢᠯᠢ ᠶᠢᠨ ᠭᠤᠤᠯ ᠠᠶᠢᠮᠠᠭ ᠤᠨ ᠮᠠᠯᠴᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠎ ᠤᠨ ᠬᠢᠵᠠᠭᠠᠷᠲᠤ ᠺᠣᠮᠫᠠᠨᠢ ᠶᠢᠨ ᠳᠠᠭᠠᠭᠠᠮᠠᠯ ᠱᠣᠣ ᠵᠢᠶᠧ᠂ ᠵᠡᠭᠦᠨ ᠦᠵᠦᠮᠦᠴᠢᠨ ᠬᠤᠰᠢᠭᠤᠨ ᠤ ᠵᠠᠬ᠎ᠠ ᠳᠡᠯᠭᠡᠭᠦᠷ ᠎ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠳᠡᠭᠡᠨ ᠤᠮᠳᠠᠭᠠᠨ ᠤ ᠦᠶᠯᠡᠴᠢᠯᠡᠭᠡᠨ ᠤ ᠬᠢᠨᠠᠯᠲᠠ ᠬᠠᠮᠢᠶᠠᠷᠤᠯᠲᠠ ᠶᠢᠨ ᠲᠠᠰᠤᠭ ᠤᠨ ᠳᠠᠷᠤᠭ᠎ᠠ ᠯᠢ ᠯᠢᠨ ᠯᠢᠨ ᠵᠡᠷᠭᠡ ᠬᠦᠮᠦᠰ ᠢ ᠣᠷᠢᠵᠦ᠂ ᠤᠯᠤᠰ ᠤᠨ ᠳᠣᠲᠣᠭᠠᠳᠤ ᠎ ᠶᠢᠨ ᠵᠢᠭᠤᠯᠴᠢᠯᠠᠯ ᠤᠨ ᠬᠥᠭᠵᠢᠯᠲᠡ ᠶᠢᠨ ᠲᠣᠶᠢᠮᠣ ᠪᠠᠶᠳᠠᠯ᠂ ᠰᠢᠯᠢ ᠶᠢᠨ ᠭᠤᠤᠯ ᠠᠶᠢᠮᠠᠭ ᠤᠨ ᠵᠢᠭᠤᠯᠴᠢᠯᠠᠯ ᠤᠨ ᠡᠬᠢ ᠪᠠᠶᠠᠯᠢᠭ᠂ ᠵᠡᠭᠦᠨ ᠦᠵᠦᠮᠦᠴᠢᠨ ᠬᠤᠰᠢᠭᠤᠨ ᠤ ᠵᠢᠭᠤᠯᠴᠢᠯᠠᠯ ᠤᠨ ᠦᠶᠯᠡᠰ ᠤᠨ ᠬᠥᠭᠵᠢᠯᠲᠡ ᠶᠢᠨ ᠲᠣᠶᠢᠮᠣ ᠪᠠᠶᠳᠠᠯ᠂ ᠵᠡᠭᠦᠨ ᠦᠵᠦᠮᠦᠴᠢᠨ ᠬᠤᠰᠢᠭᠤᠨ ᠤ ᠵᠢᠭᠤᠯᠴᠢᠯᠠᠯ ᠤᠨ ᠡᠬᠢ ᠪᠠᠶᠠᠯᠢᠭ ᠤᠨ ᠳᠠᠪᠠᠭᠤᠯᠢᠭ ᠢ ᠬᠡᠷᠬᠢᠨ ᠪᠠᠳᠠᠷᠠᠭᠤᠯᠬᠤ᠂ ᠰᠣᠶᠣᠯ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠬᠤ᠂ ᠭᠠᠯ ᠰᠡᠷᠭᠡᠶᠢᠯᠡᠬᠦ ᠠᠮᠤᠷ ᠲᠦᠪᠰᠢᠨ᠂ ᠲᠢᠺ ᠲᠣᠺ ᠤᠨ ᠰᠣᠶᠣᠯ ᠵᠢᠭᠤᠯᠴᠢᠯᠠᠯ ᠢᠳᠡᠭᠡᠨ ᠤᠮᠳᠠᠭᠠᠨ ᠤ ᠠᠮᠢᠳᠤᠷᠠᠯ ᠤᠨ ᠦᠶᠯᠡᠴᠢᠯᠡᠭᠡᠨ ᠤ ᠡᠯᠧᠺᠲᠷᠣᠨ ᠬᠤᠳᠠᠯᠳᠤᠭᠠᠨ ᠤ ᠤᠷᠤᠰᠴᠠ ᠶᠢᠨ ᠵᠠᠳᠠᠯᠤᠯᠲᠠ ᠵᠢᠴᠢ ᠡᠵᠡᠩᠨᠡᠯᠲᠡ ᠶᠢᠨ ᠤᠷ᠎ᠠ ᠮᠡᠷᠭᠡᠵᠢᠯ᠂ ᠢᠳᠡᠭᠡᠨ ᠤᠮᠳᠠᠭᠠᠨ ᠤ ᠦᠶᠯᠡᠴᠢᠯᠡᠭᠡᠨ ᠤ ᠠᠮᠤᠷ ᠲᠦᠪᠰᠢᠨ ᠢ ᠬᠢᠨᠠᠨ ᠪᠠᠶᠢᠴᠠᠭᠠᠬᠤ ᠭᠤᠤᠯᠳᠠᠯᠭ᠎ᠠ ᠵᠢᠴᠢ ᠪᠠᠭᠤᠳᠠᠯ ᠤᠨ ᠢᠳᠡᠭᠡᠨ ᠤᠮᠳᠠᠭᠠᠨ ᠎ ᠤ ᠦᠶᠯᠡᠴᠢᠯᠡᠭᠡᠨ ᠤ ᠶᠣᠰᠣ ᠵᠢᠷᠤᠮ ᠵᠡᠷᠭᠡ ᠣᠯᠠᠨ ᠲᠠᠯ᠎ᠠ ᠪᠠᠷ 2 ᠡᠳᠦᠷ ᠤᠨ ᠬᠤᠭᠤᠴᠠᠭ᠎ᠠ ᠲᠠᠢ ᠪᠣᠯᠪᠠᠰᠤᠷᠠᠯ ᠬᠦᠷᠲᠡᠭᠡᠵᠡᠢ  ᠃      ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ ᠦᠶᠯᠡᠴᠢᠯᠡᠭᠡᠨ ᠤ ᠠᠵᠢᠯ ᠲᠥᠷᠥᠯ ᠤᠨ ᠠᠵᠢᠯᠲᠠᠨ ᠤ ᠣᠨᠣᠯ ᠎ ᠤᠨ ᠬᠢᠷᠢ ᠲᠦᠪᠰᠢᠨ᠂ ᠦᠶᠯᠡᠳᠦᠯᠭᠡ ᠶᠢᠨ ᠴᠢᠳᠠᠪᠤᠷᠢ᠂ ᠰᠢᠨ᠎ᠡ ᠶᠢ ᠡᠭᠦᠳᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠶᠯᠡᠴᠢᠯᠡᠭᠡᠨ ᠤ ᠠᠵᠢᠯ ᠲᠥᠷᠥᠯ ᠤᠨ ᠠᠵᠢᠯᠯᠠᠭᠰᠠᠳ ᠤᠨ ᠦᠶᠯᠡᠴᠢᠯᠡᠭᠡᠨ ᠤ ᠬᠢᠷᠢ ᠲᠦᠪᠰᠢᠨ ᠎ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠬᠡᠪ ᠪᠣᠯᠪᠠᠰᠤᠷᠠᠯ ᠰᠠᠶᠢᠲᠠᠶ᠂ ᠦᠶᠯᠡᠴᠢᠯᠡᠭᠡ ᠰᠢᠯᠢᠳᠡᠭ ᠦᠢᠯᠡᠴᠢᠯᠡᠭᠡᠨ ᠤ ᠡᠩᠨᠡᠭᠡ ᠶᠢ ᠴᠢᠷᠮᠠᠶᠢᠨ ᠬᠦᠮᠦᠵᠢᠭᠦᠯᠦᠨ᠂ ᠡᠭᠦᠨ ᠤ ᠤᠯᠠᠮ ᠢᠶᠠᠷ ᠵᠡᠭᠦᠨ ᠦᠵᠦᠮᠦᠴᠢᠨ ᠬᠤᠰᠢᠭᠤᠨ ᠤ ᠦᠶᠯᠡᠴᠢᠯᠡᠭᠡᠨ ᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠢᠶᠠᠷ ᠭᠤᠣᠯᠳᠠᠯᠭ᠎ᠠ ᠪᠣᠯᠭᠠᠭᠰᠠᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号