ᠬᠤᠰᠢᠭᠤ ᠠᠷᠠᠳ ᠤᠨ ᠵᠠᠰᠠᠭ ᠤᠨ ᠣᠷᠳᠣᠨ 2024 ᠣᠨ ᠤ ᠠᠩᠬᠠᠳᠤᠭᠠᠷ ᠤᠳᠠᠭᠠᠨ ᠤ ᠪᠥᠬᠦᠳᠡ      ( ᠥᠷᠭᠡᠳᠬᠡᠭᠰᠡᠨ ) ᠬᠤᠷᠠᠯ ᠵᠢᠴᠢ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/11
      3 ᠰᠠᠷ᠎ᠠ ᠶᠢᠨ 27᠎ ᠤ ᠡᠳᠦᠷ᠂  ᠬᠤᠰᠢᠭᠤ ᠠᠷᠠᠳ ᠤᠨ ᠵᠠᠰᠠᠭ ᠤᠨ ᠣᠷᠳᠣᠨ 2024 ᠣᠨ ᠤ ᠠᠩᠬᠠᠳᠤᠭᠠᠷ ᠣᠳᠠᠭᠠᠨ ᠤ ᠪᠥᠬᠦᠳᠡ ( ᠥᠷᠭᠡᠳᠬᠡᠭᠰᠡᠨ ) ᠬᠤᠷᠠᠯ ᠵᠢᠴᠢ ᠴᠢᠬᠡᠴᠢ ᠵᠠᠰᠠᠭ ᠤᠨ ᠠᠵᠢᠯ ᠤᠨ ᠬᠤᠷᠠᠯ ᠬᠤᠷᠠᠯᠳᠤᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ︿︿ᠬᠤᠶᠠᠷ ᠬᠠᠷᠢᠭᠤᠴᠠᠯᠭ᠎ᠠ﹀﹀ ᠎ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠨᠡ ᠵᠢᠯ ᠤᠨ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ  ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠸᠤ ᠢᠦᠢ ᠯᠦᠩ ᠬᠤᠷᠠᠯ ᠡᠷᠭᠢᠯᠡᠭᠰᠡᠨ ᠤ ᠬᠠᠮᠲᠦ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠶᠢᠨ ᠯᠢᠶᠠᠩ ᠪᠣᠯᠣᠨ ᠳᠡᠳ᠋  ᠬᠤᠰᠢᠭᠤ ᠳᠠᠷᠤᠭ᠎ᠠ ᠨᠠᠷ ᠬᠤᠷᠠᠯ ᠳᠤ ᠣᠷᠣᠯᠴᠠᠪᠠ  ᠃      ᠵᠧᠦ ᠢᠦᠢ ᠯᠦᠩ ᠴᠢᠬᠤᠯᠠᠴᠢᠯᠠᠬᠤ ᠳᠠᠭᠠᠨ᠂ ᠡᠨᠡ ᠵᠢᠯ ᠪᠣᠯ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ︿︿ᠠᠷᠪᠠᠨ ᠳᠥᠷᠪᠡᠳᠦᠭᠡᠷ ᠲᠠᠪᠤᠨ ᠵᠢᠯ﹀﹀᠎ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ᠂ ᠪᠠᠰᠠ ᠴᠤ ᠪᠢᠳᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︿︿ᠬᠤᠶᠠᠷ ᠶᠡᠭᠡ ᠶᠠᠪᠤᠳᠠᠯ﹀﹀᠎ ᠢ ᠰᠠᠶᠢᠲᠤᠷ ᠨᠠᠶᠢᠳᠠᠪᠤᠷᠢᠵᠢᠭᠤᠯᠬᠤ ᠴᠢᠬᠤᠯᠠ ᠨᠢᠭᠡ ᠵᠢᠯ ᠪᠣᠯᠤᠨ᠎ᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠬᠠᠷᠢᠭᠤᠴᠠᠯᠭ᠎ᠠ ᠮᠠᠰᠢ ᠬᠦᠨᠳᠦ᠂ ᠠᠴᠢ ᠬᠤᠯᠪᠣᠭᠳᠠᠯ  ᠭᠦᠨ ᠭᠦᠨᠵᠡᠭᠡᠢ ᠶᠤᠮ᠃ ᠬᠤᠰᠢᠭᠤ ᠵᠠᠰᠠᠭ ᠤᠨ ᠣᠷᠳᠣᠨ ᠎ ᠤ ᠰᠢᠰᠲ᠋ᠧᠮ ᠤᠨ ᠬᠢᠨ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠪᠥᠬᠦ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠪᠥᠬᠦ ᠶᠠᠪᠤᠴᠠ ᠳᠤ ᠦᠨᠡᠨ ᠬᠦ ᠨᠠᠶᠢᠳᠠᠪᠤᠷᠢᠵᠢᠭᠤᠯᠵᠤ᠂ ᠪᠣᠳᠠᠲᠤ ᠦᠢᠯᠡ ᠠᠵᠢᠯᠯᠠᠭ᠎ᠠ ᠪᠠᠷ ᠢᠶᠠᠨ ︿︿ᠬᠤᠶᠠᠷ ᠎ ᠢ ᠲᠣᠭᠲᠠᠭᠠᠬᠤ﹀﹀᠎ ᠶᠢ ᠬᠦᠷᠢᠶᠡᠯᠡᠵᠦ᠂ ︿︿ᠬᠤᠶᠠᠷ ᠢ ᠬᠠᠮᠠᠭᠠᠯᠠᠬᠤ﹀﹀᠎ ᠶᠢ ᠪᠡᠶᠡᠯᠡᠭᠦᠯᠬᠦ ᠬᠡᠷᠡᠭᠲᠡᠶ᠃ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠯᠠᠨ ᠨᠡᠶᠢᠲᠡ ᠶᠢᠨ ᠡᠳ᠋ ᠤᠨ ᠵᠠᠰᠠᠭ ᠢ ᠦᠨᠡᠨ ᠬᠦ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠭᠤᠤᠯᠳᠠᠯᠭ᠎ᠠ ᠲᠠᠢ ᠭᠤᠭᠴᠤᠭ᠎ᠠ ᠪᠣᠯᠤᠨ ᠵᠠᠩᠭᠢᠯᠠᠭ᠎ᠠ ᠶᠢᠨ ᠬᠦᠷᠢᠶ᠎ᠡ ᠶᠢ ᠴᠢᠩᠭ᠎ᠠ ᠠᠩᠬᠠᠷᠴᠤ᠂ ᠣᠯᠠᠨ ᠲᠦᠮᠡᠨ ᠤ ᠳᠡᠷᠭᠡᠳᠡᠬᠢ  ᠱᠠᠮᠰᠢᠵᠤ ᠢᠯᠵᠢᠷᠡᠬᠦ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠬᠢᠨᠠᠨ ᠪᠤᠳᠤᠵᠤ ᠬᠢᠨᠠᠯᠲᠠ ᠲᠠᠯᠪᠢᠬᠤ ᠠᠵᠢᠯ ᠢ ᠦᠨᠡᠨ ᠬᠦ ᠰᠠᠶᠢᠲᠤᠷ ᠠᠳᠬᠤᠵᠤ᠂ ᠰᠠᠬᠢᠯᠭ᠎ᠠ ᠪᠠᠲᠤ ᠶᠢ ᠬᠡᠷᠡᠭᠵᠢᠭᠦᠯᠵᠦ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠰᠠᠶᠢᠲᠤᠷ          ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠶ᠃ ︿︿ᠬᠤᠶᠠᠷ ᠶᠡᠭᠡ ᠶᠠᠪᠤᠳᠠᠯ﹀﹀᠎ ᠢ ᠰᠠᠶᠢᠲᠤᠷ ᠨᠠᠶᠢᠳᠠᠪᠤᠷᠢᠵᠢᠭᠤᠯᠬᠤ ᠪᠠᠷ ᠭᠤᠤᠯ ᠭᠠᠷᠳᠠᠴᠠ ᠪᠣᠯᠭᠠᠵᠤ᠂ ᠠᠵᠤ ᠠᠬᠤᠶ ᠶᠢᠨ ᠲᠣᠭᠲᠠᠭᠤᠨ ᠡᠷᠭᠢᠯᠲᠡ ᠶᠢ        ᠪᠠᠲᠤᠯᠠᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠵᠤ᠂ ᠠᠶᠤᠯᠭᠦᠶ ᠦᠶᠯᠡᠳᠪᠦᠷᠢᠯᠡᠯ ᠢ ᠥᠴᠦᠬᠡᠨ ᠴᠦ ᠰᠤᠯᠠᠷᠠᠭᠤᠯᠤᠯ ᠥᠬᠡᠶ ᠠᠳᠬᠤᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠦᠢᠯᠡ ᠠᠵᠢᠯᠯᠠᠭ᠎ᠠ ᠪᠠᠷ ᠢᠶᠠᠨ ᠡᠶ᠎ᠡ ᠵᠣᠬᠢᠴᠠᠩᠭᠤᠶ ᠤᠯᠤᠰ ᠲᠥᠷᠥ ᠶᠢᠨ ᠠᠮᠢ ᠠᠬᠤᠶ ᠶᠢ ᠪᠣᠶ ᠪᠣᠯᠭᠠᠵᠤ᠂ ᠠᠷᠢᠭᠤᠨ ᠴᠢᠬᠡᠴᠢ ᠰᠤᠷᠲᠠᠯ ᠢᠶᠠᠷ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠎ ᠶᠢ ᠬᠠᠮᠠᠭᠠᠯᠠᠬᠤ ᠬᠡᠷᠡᠭᠲᠡᠶ  ᠭᠡᠵᠡᠢ᠃      ᠵᠠᠩ ᠶᠢᠨ ᠯᠢᠶᠠᠩ ᠠᠴᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ︿︿ᠨᠢᠭᠡ ᠠᠵᠢᠯ ᠤᠨ ᠪᠠᠶᠢᠷᠢ ᠎ ᠳᠤ ᠬᠤᠤᠰ ᠬᠠᠷᠢᠭᠤᠴᠠᠯᠭ᠎ᠠ ᠡᠭᠦᠷᠭᠡᠯᠡᠬᠦ﹀﹀᠎ ᠶᠢ ᠰᠠᠶᠢᠲᠤᠷ ᠭᠦᠶᠴᠡᠳᠬᠡᠵᠦ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠶᠢᠨ ᠲᠣᠭᠤᠷᠢᠨ ᠳᠤ ᠬᠤᠰᠢᠭᠤ ᠵᠠᠰᠠᠭ ᠎ ᠤᠨ ᠣᠷᠳᠣᠨ ᠤ ᠰᠢᠰᠲ᠋ᠧᠮ ᠤᠨ ᠴᠢᠬᠡᠴᠢ ᠵᠠᠰᠠᠭ ᠤᠨ ᠠᠵᠢᠯ ᠢ ᠵᠢᠯᠣᠭᠤᠳᠴᠤ ᠶᠠᠷᠢᠶ᠎ᠠ ᠲᠠᠯᠪᠢᠵᠠᠶ᠃      ᠬᠤᠷᠠᠯ ᠳᠡᠭᠡᠷ᠎ᠡ᠂ ᠬᠦᠷᠢᠶᠡᠲᠦᠨᠠᠭᠤᠷ ᠰᠤᠮᠤ᠂ ᠬᠤᠰᠢᠭᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠵᠡᠷᠭᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠨᠢᠭᠡᠴᠡ ᠶᠢᠨ ᠲᠥᠯᠥᠭᠡᠯᠡᠭᠴᠢ ᠲᠠᠰ ᠳᠠᠷᠠᠭᠠᠯᠠᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠣᠪᠣᠷ ᠢᠶᠠᠨ ᠢᠯᠡᠳᠬᠡᠬᠦ ᠦᠭᠡ ᠬᠡᠯᠡᠪᠡ  ᠃      ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠵᠢᠴᠢ ᠬᠤᠰᠢᠭᠤ ᠰᠢᠭᠤᠳ ᠬᠠᠷᠢᠶ᠎ᠠ᠂ ᠬᠤᠰᠢᠭᠤᠨ ᠳᠤ ᠰᠠᠭᠤᠭ᠎ᠠ ᠬᠤᠯᠪᠣᠭᠳᠠᠯ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号