ᠡᠵᠢᠨᠠᠭᠤᠷ ᠪᠠᠯᠭᠠᠰᠤᠨ ᠤ ᠬᠠᠷᠠᠭᠠᠳᠤ ᠭᠠᠴᠠᠭ᠎ᠠ ᠮᠠᠯᠴᠢᠳ ᠲᠤ ᠪᠠᠨ ᠬᠢᠮᠳᠠ ᠦᠨ᠎ᠡ ᠶᠢᠨ ᠨᠤᠭᠤᠭᠠᠨ ᠳᠠᠷᠤᠰᠢ ᠲᠠᠷᠬᠠᠭᠠᠪᠠ
ᠨᠡᠶᠢᠲᠡᠯᠡᠭᠰᠡᠨ ᠴᠠᠭ᠄
2024/4/15
      ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠴᠠᠭ ᠬᠦᠷᠴᠦ ᠢᠷᠡᠬᠦ ᠲᠠᠰᠢᠷᠠᠮ ᠢᠶᠠᠷ᠂ ᠮᠠᠯᠴᠢᠳ ᠤᠨ ᠮᠠᠯ ᠣᠨᠤᠭ᠎ᠠ ᠡᠪᠡᠰᠦ ᠪᠣᠷᠳᠤᠭ᠎ᠠ ᠶᠢᠨ ᠬᠠᠩᠭᠠᠯᠭ᠎ᠠ ᠬᠦᠷᠦᠯᠴᠡᠬᠦ ᠥᠬᠡᠶ ᠪᠠᠶᠢᠬᠤ ᠠᠰᠠᠭᠤᠳᠠᠯ ᠢ ᠰᠢᠶᠳᠪᠦᠷᠢᠯᠡᠵᠦ᠂ ᠮᠠᠯ ᠤᠨᠤᠭᠠᠨ ᠤ ᠬᠠᠪᠤᠷ ᠢ ᠲᠤᠭᠤᠯᠬᠤ ᠳᠤ ᠪᠠᠲᠤᠯᠠᠭ᠎ᠠ ᠬᠠᠩᠭᠠᠬᠤ ᠶᠢᠨ ᠲᠥᠯᠥᠭᠡ᠂ ᠣᠶᠢᠷ᠎ᠠ ᠳᠤ᠂ ᠮᠠᠨ ᠤ ᠬᠤᠰᠢᠭᠤᠨ ᠎ ᠤ ᠡᠵᠢᠨᠠᠭᠤᠷ ᠪᠠᠯᠭᠠᠰᠤᠨ ᠤ ᠬᠠᠷᠠᠭᠠᠲᠤ ᠭᠠᠴᠠᠭ᠎ᠠ ᠳᠠᠭᠠᠭᠠᠴᠢᠯᠠᠭᠰᠠᠨ ᠨᠤᠭᠤᠭᠠᠨ ᠳᠠᠷᠤᠰᠢ ᠪᠠᠨ ᠵᠠᠬ᠎ᠠ ᠳᠡᠯᠭᠡᠭᠦᠷ ᠎ ᠤᠨ ᠦᠨ᠎ᠡ ᠠᠴᠠ ᠬᠢᠮᠲᠠ ᠦᠨ᠎ᠡ ᠪᠠᠷ ᠭᠠᠴᠠᠭᠠᠨ ᠤ ᠪᠠᠨ ᠮᠠᠯᠵᠢᠬᠤ ᠡᠷᠦᠬᠡ ᠳᠤ ᠲᠠᠷᠬᠠᠭᠠᠵᠤ᠂ ᠲᠥᠯ ᠲᠤᠰᠴᠤ ᠪᠣᠶᠢᠵᠢᠭᠤᠯᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠪᠠ᠃      ᠨᠤᠭᠤᠭᠠᠨ ᠳᠠᠷᠤᠰᠢ ᠲᠠᠷᠬᠠᠭᠠᠬᠤ ᠠᠬᠤᠶ ᠲᠠᠯᠠᠪᠠᠶ ᠳᠤ᠂ ᠬᠠᠷᠠᠭᠠᠲᠤ ᠭᠠᠴᠠᠭᠠᠨ ᠤ ︽ᠬᠤᠶᠠᠷ ᠵᠥᠪᠯᠡᠯ︾ ᠎ ᠤᠨ ᠪᠦᠷᠢᠯᠳᠦᠬᠦᠨ ᠡᠮᠬᠢ ᠵᠢᠷᠤᠮ ᠲᠠᠢ ᠪᠠᠷ ᠳᠠᠩᠰᠠᠯᠠᠨ᠂ ᠮᠠᠯᠴᠢᠳ ᠲᠤ ᠬᠠᠪᠰᠤᠷᠤᠨ ᠠᠴᠢᠵᠤ ᠲᠡᠭᠡᠭᠡᠵᠦ ᠥᠭᠴᠦ ᠪᠠᠶᠢᠯ᠎ᠠ᠃          ᠲᠤᠰ ᠤᠳᠠᠭ᠎ᠠ ᠬᠠᠷᠠᠭᠠᠲᠤ ᠭᠠᠴᠠᠭ᠎ᠠ ᠮᠠᠯᠴᠢᠳ ᠲᠤ ᠪᠠᠨ ᠨᠤᠭᠤᠭᠠᠨ ᠳᠠᠷᠤᠰᠢ ᠲᠠᠷᠬᠠᠭᠠᠬᠤ ᠳᠠᠭᠠᠨ ᠲᠣᠨ ᠪᠦᠷᠢ ᠶᠢ 650 ᠲᠥᠭᠦᠷᠢᠭ ᠢᠶᠠᠷ ᠬᠤᠳᠠᠯᠳᠤᠨ ᠥᠭᠭᠦᠭᠰᠡᠨ ᠪᠥᠭᠡᠳ ᠲᠣᠨ ᠪᠦᠷᠢ ᠳᠤ 200 ᠲᠥᠭᠦᠷᠢᠭ ᠤᠨ ᠢᠯᠡᠭᠦᠴᠡ ᠨᠥᠬᠦᠪᠥᠷᠢ ᠥᠭᠴᠡᠢ᠃ ᠡᠨᠡ ᠨᠢ ᠵᠠᠬ᠎ᠠ ᠳᠡᠯᠭᠡᠭᠦᠷ ᠤᠨ ᠦᠨ᠎ᠡ ᠠᠴᠠ ᠨᠡᠯᠢᠶᠡᠳ ᠬᠢᠮᠳᠠ ᠪᠠᠶᠢᠵᠤ᠂ ᠮᠠᠯᠴᠢᠨ ᠲᠦᠮᠡᠨ ᠤ ᠡᠪᠡᠰᠦ ᠪᠣᠷᠳᠤᠭ᠎ᠠ ᠬᠤᠳᠠᠯᠳᠤᠨ ᠠᠪᠬᠤ ᠠᠵᠤ ᠠᠬᠤᠶ ᠶᠢᠨ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠵᠦ᠂ ᠮᠠᠯᠴᠢᠳ ᠲᠤ ᠭᠠᠴᠠᠭᠠᠨ ᠤ ︽ᠬᠤᠶᠠᠷ ᠵᠥᠪᠯᠡᠯ︾᠎ ᠤᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠦᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠲᠣᠰ ᠤᠳᠠᠭ᠎ᠠ ᠡᠵᠢᠨᠠᠭᠤᠷ ᠪᠠᠯᠭᠠᠰᠤᠨ ᠤ ᠬᠠᠷᠠᠭᠠᠲᠤ ᠭᠠᠴᠠᠭ᠎ᠠ ᠨᠢ ᠡᠷᠦᠬᠡ ᠪᠦᠷᠢ ᠎ ᠶᠢ 3 ᠲᠣᠨ ᠢᠶᠠᠷ ᠬᠢᠵᠠᠭᠠᠷᠯᠠᠵᠤ᠂ 51 ᠮᠠᠯᠴᠢᠨ ᠡᠷᠦᠬᠡ ᠳᠤ ᠨᠡᠶᠢᠲᠡ150 ᠭᠠᠷᠤᠶ ᠲᠣᠨ ᠨᠤᠭᠤᠭᠠᠨ ᠳᠠᠷᠤᠰᠢ ᠲᠠᠷᠬᠠᠭᠠᠵᠤ ᠠᠰᠢᠭ ᠬᠦᠷᠲᠡᠭᠡᠭᠰᠡᠨ ᠪᠠᠶᠢᠨ᠎ᠠ᠃ ᠲᠣᠰ ᠤᠳᠠᠭᠠᠨ ᠤ ᠨᠤᠭᠤᠭᠠᠨ ᠳᠠᠷᠤᠰᠢ ᠲᠠᠷᠬᠠᠭᠠᠬᠤ ᠠᠵᠢᠯᠯᠠᠭ᠎ᠠ ᠎ ᠨᠢ ᠮᠠᠯᠴᠢᠳ ᠤᠨ ᠲᠥᠯ ᠲᠤᠰᠴᠤ ᠪᠣᠶᠢᠵᠢᠭᠤᠯᠬᠤ ᠵᠠᠩᠭᠢᠯᠭ᠎ᠠ ᠶᠢᠨ ᠦᠶ᠎ᠡ ᠳᠤ᠂ ᠲᠡᠳᠡᠨ ᠤ ᠪᠠᠴᠢᠮ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠵᠦ ᠥᠭᠭᠦᠭᠰᠡᠨ ᠢᠶᠠᠷ ᠪᠠᠷᠠᠬᠤ ᠦᠭᠡᠢ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠳᠤ ᠰᠠᠶᠢᠨ ᠰᠠᠭᠤᠷᠢ ᠶᠢ ᠲᠠᠯᠪᠢᠵᠤ ᠥᠭᠴᠡᠶ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号