ᠬᠢᠩᠭᠠᠨ ᠠᠷᠪᠠᠨ ᠳᠦᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 54  ᠳ᠋ᠦ᠋ᠭᠡᠷ ᠤᠳᠠᠭᠠᠨ ᠤ ︵2024 ᠣᠨ ᠤ 6 ᠳ᠋ᠤᠭᠠᠷ ᠤᠳᠠᠭ᠎ᠠ︶ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/15
      3 ᠰᠠᠷ᠎ᠠ ᠶᠢᠨ 28᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 54 ᠳ᠋ᠦ᠋ᠭᠡᠷ ᠤᠳᠠᠭ᠎ᠠ ︵2024 ᠣᠨ ᠤ 6 ᠳ᠋ᠤᠭᠠᠷ ᠤᠳᠠᠭ᠎ᠠ︶᠎ ᠶᠢᠨ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠎ ᠶᠢᠨ ᠴᠣᠭᠴᠠ ᠶᠢᠨ ᠤᠬᠠᠮᠰᠠᠷ ᠤᠨ ᠭᠤᠣᠯ ᠱᠤᠭᠤᠮ ᠢ ᠪᠥᠬᠦ ᠲᠠᠯ᠎ᠠ ᠪᠠᠷ ᠲᠤᠭᠤᠰᠢᠯᠠᠭᠤᠯᠬᠤ ᠪᠠ ︽ᠵᠢᠷᠭᠤᠭᠠᠨ ᠢᠨᠵᠧᠨᠧᠷᠢᠩ︾᠎ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠎ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠡᠷᠭᠡ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠰᠦᠨ ᠱᠣᠤ ᠴᠧᠩ ᠤᠨ 2024 ᠣᠨ ᠤ ᠪᠥᠬᠦ ᠣᠷᠣᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠪᠤᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠲᠤᠬᠠᠢ ᠰᠠᠨᠠᠯ︾᠂ ︽ᠰᠢᠯᠢ ᠶᠢᠨ ᠭᠤᠣᠯ ᠠᠶᠢᠮᠠᠭ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠠᠬᠢᠭᠤᠯᠤᠨ ᠨᠠᠶᠢᠳᠠᠪᠤᠷᠢᠵᠢᠭᠤᠯᠬᠤ ᠲᠥᠰᠦᠯ︾᠎ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ︽ᠬᠤᠶᠠᠷ ᠶᠡᠭᠡ ᠶᠠᠪᠤᠳᠠᠯ︾᠎ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾᠎ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠭᠠᠵᠠᠷ ᠣᠷᠣᠨ ᠎ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠳᠤᠮᠳᠠᠳᠤ ᠎ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠱᠤᠭᠤᠮ ᠢ ᠴᠢᠩᠭ᠎ᠠ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠯ᠎ᠡ ᠵᠦᠢᠯ ᠤᠨ ᠠᠵᠢᠯ ᠢ ᠪᠣᠳᠠᠲᠤ ᠲᠦᠷᠦᠭᠳᠡᠯ ᠲᠠᠢ ᠪᠦᠲᠦᠮᠵᠢᠲᠡᠢ ᠰᠠᠶᠢᠲᠤᠷ ᠬᠢᠵᠦ᠂ ᠣᠳᠣᠬᠢᠴᠢᠯᠠᠭᠰᠠᠨ ᠵᠡᠭᠦᠨ ᠦᠵᠦᠮᠦᠴᠢᠨ ᠬᠤᠰᠢᠭᠤᠨ ᠤ ᠪᠦᠳᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠦᠨᠳᠦᠰᠦᠲᠡᠨ ᠎ ᠨᠦᠭᠦᠳ ᠤᠨ ᠺᠠᠳ᠋ᠷ ᠤᠯᠠᠨ ᠲᠦᠮᠡᠨ ᠤ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠎ ᠢᠶᠠᠨ ᠲᠠᠭᠠᠨ ᠤᠷᠤᠭᠰᠢᠯᠠᠬᠤ ᠶᠢ ᠬᠥᠮᠦᠵᠢᠭᠦᠯᠦᠨ ᠵᠢᠯᠣᠭᠤᠳᠬᠤ ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠵᠢᠷᠭᠤᠭᠠᠨ ᠢᠨᠵᠧᠨᠧᠷᠢᠩ︾᠎ ᠤᠨ ᠴᠢᠬᠤᠯᠠ ᠴᠢᠨᠠᠷ ᠪᠠ ᠵᠠᠶᠢᠯᠠᠰᠢ ᠥᠬᠡᠶ ᠴᠢᠨᠠᠷ ᠢ ᠭᠦᠨᠵᠡᠭᠡᠶ ᠲᠠᠨᠢᠵᠤ᠂ ᠵᠡᠭᠦᠨ ᠦᠵᠦᠮᠦᠴᠢᠨ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠷᠠᠯᠲᠠ ᠡᠭᠦᠷᠭᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠰᠡᠳᠬᠢᠴᠡ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ︽ᠵᠢᠷᠭᠤᠭᠠᠨ ᠢᠨᠵᠧᠨᠧᠷᠢᠩ︾᠎ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠤ ᠬᠢᠨᠠᠨ ᠵᠥᠪᠯᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号