ᠬᠤᠰᠢᠭᠤ ᠠᠶᠦᠯᠭᠦᠢ ᠦᠶᠯᠡᠳᠪᠦᠷᠢᠯᠡᠯ ᠤᠨ ᠵᠥᠪᠯᠡᠯ 2024 ᠣᠨ ᠤ ᠭᠤᠷᠪᠠᠳᠤᠭᠠᠷ ᠤᠳᠠᠭᠠᠨ ᠤ ᠠᠶᠦᠯᠭᠦᠢ ᠦᠶᠯᠡᠳᠪᠦᠷᠢᠯᠡᠯ ᠤᠨ ᠠᠵᠢᠯ ᠤᠨ ᠡᠭᠡᠯᠵᠢᠳᠦ ᠬᠤᠷᠠᠯ ᠵᠢᠴᠢ ᠠᠵᠤ ᠠᠬᠤᠶᠢᠯᠠᠯ ᠤᠨ ᠠᠵᠢᠯ ᠰᠡᠷᠭᠦᠭᠡᠬᠦ ᠠᠶᠦᠯᠭᠦᠢ ᠦᠶᠯᠡᠳᠪᠦᠷᠢᠯᠡᠯ᠂ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠ ᠠᠶᠦᠯᠭᠦᠢ ᠦᠶᠯᠡᠳᠪᠦᠷᠢᠯᠡᠯ ᠢ ᠦᠨᠳᠦᠰᠦᠨ ᠠᠴᠠ ᠨᠢ ᠵᠠᠰᠠᠵᠤ ᠪᠠᠬᠢᠯᠡᠯᠲᠡ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠳᠠᠶᠢᠴᠢᠯᠠᠨ  ᠪᠠᠶᠢᠷᠢᠯᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/16
      3 ᠰᠠᠷ᠎ᠠ ᠶᠢᠨ 28 ᠤ ᠡᠳᠦᠷ᠂ ᠬᠤᠰᠢᠭᠤ ᠠᠶᠦᠯᠭᠦᠢ ᠦᠶᠯᠡᠳᠪᠦᠷᠢᠯᠡᠯ ᠤᠨ ᠵᠥᠪᠯᠡᠯ 2024 ᠣᠨ ᠤ ᠭᠤᠷᠪᠠᠳᠤᠭᠠᠷ ᠤᠳᠠᠭᠠᠨ ᠤ ᠠᠶᠦᠯᠭᠦᠢ ᠦᠶᠯᠡᠳᠪᠦᠷᠢᠯᠡᠯ ᠤᠨ ᠠᠵᠢᠯ ᠤᠨ ᠡᠭᠡᠯᠵᠢᠳᠦ ᠬᠤᠷᠠᠯ ᠵᠢᠴᠢ ᠠᠵᠤ ᠠᠬᠤᠶᠢᠯᠠᠯ ᠤᠨ ᠠᠵᠢᠯ ᠰᠡᠷᠭᠦᠭᠡᠬᠦ ᠠᠶᠦᠯᠭᠦᠢ ᠦᠶᠯᠡᠳᠪᠦᠷᠢᠯᠡᠯ᠂ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠ ᠠᠶᠦᠯᠭᠦᠢ ᠦᠶᠯᠡᠳᠪᠦᠷᠢᠯᠡᠯ ᠢ ᠦᠨᠳᠦᠰᠦᠨ ᠠᠴᠠ ᠨᠢ ᠵᠠᠰᠠᠵᠤ ᠪᠠᠬᠢᠯᠡᠯᠲᠡ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠳᠠᠶᠢᠴᠢᠯᠠᠨ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ᠃      ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠬᠤᠷᠠᠯ ᠢ ᠡᠷᠭᠢᠯᠡᠪᠡ᠃      ᠳᠡᠳ᠋ ᠬᠤᠰᠢᠭᠤ ᠳᠠᠷᠤᠭ᠎ᠠ ᠨᠠᠷ ᠪᠣᠯᠣᠨ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠪᠤᠶᠤ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ᠂ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠢ ᠶᠢᠨ ᠭᠤᠤᠯ ᠬᠠᠷᠢᠭᠤᠴᠠᠯᠭᠠᠲᠠᠨ᠂ ᠡᠯ᠎ᠡ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠢᠩᠭᠠᠨ ᠵᠢᠭᠠᠬᠤ ᠳᠤ ᠪᠠᠨ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠬᠦᠨᠳᠦ ᠪᠠᠶᠢᠨ᠎ᠠ᠃ ᠣᠳᠣᠬᠠᠨ ᠳᠤ ᠶᠠᠭ ᠬᠠᠪᠤᠷ ᠤᠨ ᠤᠯᠠᠷᠢᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠭᠠᠳ ᠪᠤᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠳ ᠠᠶᠤᠯᠭᠦᠢ ᠦᠢᠯᠡᠳᠪᠦᠷᠢᠯᠡᠯ ᠤᠨ ᠡᠷᠴᠢᠮ ᠢᠶᠠᠨ ᠡᠷᠬᠡᠪᠰᠢ ᠢᠮᠠᠭᠲᠠ ᠴᠢᠩᠭᠠᠷᠠᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠪᠠᠲᠤᠯᠠᠬᠤ ᠬᠡᠷᠡᠭᠲᠡᠢ ᠭᠡᠵᠡᠢ᠃      ᠬᠢᠩᠭᠠᠨ ᠴᠢᠬᠤᠯᠠᠴᠢᠯᠠᠬᠤ ᠳᠤ ᠪᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠨ ᠬᠢᠨ ᠣᠳᠣᠬᠠᠨ ᠤ ᠨᠠᠷᠢᠨ ᠪᠤᠳᠤᠯᠢᠶᠠᠨᠲᠠᠶ ᠠᠶᠤᠯᠭᠦᠶ ᠦᠶᠯᠡᠳᠪᠦᠷᠢᠯᠡᠯ ᠤᠨ ᠪᠠᠶᠢᠳᠠᠯ ᠢ ᠰᠡᠷᠭᠡᠭ ᠢᠶᠠᠷ ᠲᠠᠨᠢᠵᠤ᠂ ᠠᠶᠤᠯᠭᠦᠶ ᠦᠶᠯᠡᠳᠪᠦᠷᠢᠯᠡᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠨᠠᠷᠢᠯᠢᠭ ᠥᠷᠨᠢᠭᠦᠯᠵᠦ᠂ ᠬᠤᠷᠢᠭ᠎ᠠ ᠱᠤᠭᠤᠮ ᠤᠨ ᠰᠡᠳᠬᠢᠬᠦᠶ ᠪᠣᠯᠤᠨ ᠠᠶᠤᠯ ᠲᠦᠭᠰᠢᠭᠦᠷᠢ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠲᠠᠢ ᠬᠦᠷᠢᠶ᠎ᠡ ᠴᠠᠷ᠎ᠠ ᠶᠢ ᠳᠣᠪᠣᠶᠢᠯᠭᠠᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠦᠨᠡᠨ ᠬᠦ ᠬᠠᠲᠠᠭᠤ ᠠᠷᠭ᠎ᠠ ᠬᠡᠮᠵᠢᠶ᠎ᠡ ᠪᠠᠷ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠳᠤ ᠬᠦᠴᠦᠨ ᠨᠡᠮᠡᠷᠢᠯᠡᠬᠦ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠦᠨᠡᠨ ᠬᠦ ᠰᠠᠶᠢᠲᠤᠷ ᠠᠳᠬᠤᠵᠤ᠂ ᠠᠳᠡᠯ ᠠᠴᠠ ᠭᠦᠨᠵᠡᠭᠡᠶ ᠰᠤᠷᠭᠠᠮᠵᠢ ᠠᠪᠴᠤ᠂ ᠨᠢᠭᠡ ᠠᠴᠠ ᠨᠥᠭᠦᠭᠡ ᠶᠢ ᠵᠦᠶᠴᠢᠯᠡᠨ ᠮᠡᠳᠡᠵᠦ᠂ ᠠᠶᠤᠯ ᠥᠬᠡᠶ ᠦᠶᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ ᠪᠣᠯᠤᠨ ᠦᠢᠯᠡ ᠠᠵᠢᠯᠯᠠᠭᠠᠨ ᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠠᠶᠤᠯ ᠲᠦᠭᠰᠢᠭᠦᠷᠢ ᠬᠡᠮ ᠰᠣᠭᠤᠭ ᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠬᠦ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠦᠨᠳᠦᠰᠦ  ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠪᠦᠬᠦ ᠬᠤᠰᠢᠭᠤᠨ ᠤ ᠠᠮᠤᠷ ᠲᠦᠪᠰᠢᠨ ᠤ ᠭᠡᠮ ᠰᠣᠭᠤᠭ ᠢ ᠶᠡᠬᠡᠪᠡᠷ ᠪᠠᠶᠢᠴᠠᠭᠠᠬᠤ᠂ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠲᠠᠢ ᠣᠷᠭᠠᠨᠢᠭ ᠢᠶᠠᠷ ᠤᠶᠠᠯᠳᠤᠭᠤᠯᠵᠤ᠂ ᠳᠡᠭᠡᠳᠦ ᠱᠠᠲᠤᠨ ᠤ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ ᠪᠣᠳᠠᠲᠠᠶᠢᠵᠢᠭᠤᠯᠵᠤ᠂ ᠤᠬᠠᠭᠤᠯᠤᠨ ᠳᠠᠶᠢᠴᠢᠯᠠᠬᠤ᠂ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ᠂ ᠵᠢᠵᠢᠭᠦᠷᠯᠡᠨ ᠰᠠᠬᠢᠬᠤ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠡᠢ᠃      ᠬᠤᠷᠠᠯ ᠳᠡᠭᠡᠷ᠎ᠡ᠂ ᠵᠧᠦ ᠢᠦᠢ ᠯᠦᠩ ᠬᠤᠰᠢᠭᠤ ᠵᠠᠰᠠᠭ ᠤᠨ ᠣᠷᠳᠣᠨ ᠢ ᠲᠥᠯᠥᠭᠡᠯᠡᠨ ᠡᠯ᠎ᠡ ᠰᠤᠮᠤ ᠪᠠᠯᠭᠠᠰᠤ ( ᠲᠠᠯᠠᠪᠠᠶ )᠂ ᠰᠠᠯᠠᠭ᠎ᠠ ᠮᠥᠴᠢᠷ ᠲᠠᠢ ︿︿2024 ᠣᠨ ᠤ ᠠᠶᠤᠯᠭᠦᠶ ᠦᠶᠯᠡᠳᠪᠦᠷᠢᠯᠡᠯ ᠤᠨ ᠬᠠᠷᠠᠯᠲᠠᠲᠤ ᠬᠠᠮᠢᠶᠠᠷᠤᠯᠲᠠ ᠪᠠ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠪᠢᠴᠢᠭ﹀﹀ ᠲᠣᠭᠲᠠᠪᠠ᠃      ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ︿︿ᠬᠦᠨᠳᠦ ᠶᠡᠭᠡ ᠠᠳᠡᠯ ᠤᠨ ᠮᠡᠳᠡᠭᠡ ᠵᠠᠩᠭᠢ ᠶᠢ ᠤᠳᠠᠭᠠᠰᠢᠷᠠᠭᠤᠯᠤᠨ ᠮᠡᠳᠡᠭᠦᠯᠬᠦ ᠥᠬᠡᠶ ᠨᠢᠭᠤᠭᠰᠠᠨ ᠭᠤᠷᠪᠠᠨ ᠨᠡᠶᠢᠲᠡᠯᠢᠭ ᠪᠠᠶᠢᠳᠠᠯ ᠤᠨ ᠲᠤᠬᠠᠶ ᠮᠡᠳᠡᠭᠳᠡᠯ﹀﹀ ᠢ ᠤᠯᠠᠮᠵᠢᠯᠠᠵᠤ᠂ ᠣᠶᠢᠷ᠎ᠠ ᠶᠢᠨ ᠬᠤᠭᠤᠴᠠᠭᠠᠨ ᠤ ᠠᠶᠤᠯᠭᠦᠶ ᠦᠶᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠲᠠᠷᠠᠭᠠᠴᠢ  ᠶᠢᠨ ᠠᠯᠬᠤᠮ ᠤᠨ ᠪᠥᠬᠦ ᠬᠤᠰᠢᠭᠤᠨ ᠤ ᠠᠶᠤᠯᠭᠦᠶ ᠦᠶᠯᠡᠳᠪᠦᠷᠢᠯᠡᠯ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠶᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠳᠤ ᠪᠣᠳᠠᠲᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠪᠥᠬᠦ ᠬᠤᠰᠢᠭᠤᠨ ᠤ ᠠᠶᠤᠯᠭᠦᠶ ᠦᠶᠯᠡᠳᠪᠦᠷᠢᠯᠡᠯ ᠤᠨ ᠦᠨᠳᠦᠰᠦ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ  ︵2024 — 2026 ᠣᠨ︶﹀﹀ ᠳᠤ ᠲᠠᠶᠢᠯᠤᠮᠵᠢ ᠬᠢᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号