ᠬᠤᠰᠢᠭᠤ ᠬᠤᠶᠠᠳᠤᠭᠠᠷ ᠬᠡᠦᠬᠡᠳ ᠤᠨ ᠴᠡᠴᠡᠷᠯᠢᠭ ᠠᠷᠪᠠᠨ ᠬᠤᠶᠠᠳᠤᠭᠠᠷ ᠬᠤᠭᠤᠴᠠᠭᠠᠨ ᠤ ᠨᠣᠮ ᠲᠠᠢ ᠬᠠᠨᠢᠰᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/4/16
      ᠪᠠᠭᠰᠢ ᠶᠢᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠤᠮ ᠤᠨ ᠬᠡᠰᠢᠭᠲᠦ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠵᠢᠭᠠᠨ ᠰᠤᠷᠭᠠᠯᠲᠠ ᠶᠢᠨ ᠦᠶᠯᠡᠳᠦᠯᠭᠡ ᠪᠠ ᠣᠨᠣᠯ ᠤᠨ ᠤᠶᠠᠯᠳᠤᠯ ᠢ ᠠᠬᠢᠭᠤᠯᠬᠤ ᠶᠢᠨ ᠲᠥᠯᠥᠭᠡ᠂ 3 ᠰᠠᠷ᠎ᠠ ᠶᠢᠨ 30 ᠤ ᠡᠳᠦᠷ᠂ ᠮᠠᠨ ᠤ ᠬᠤᠰᠢᠭᠤᠨ ᠤ ᠬᠤᠶᠠᠳᠤᠭᠠᠷ ᠬᠡᠦᠬᠡᠳ ᠤᠨ ᠴᠡᠴᠡᠷᠯᠢᠭ ᠤᠨ ︽ᠨᠣᠮ ᠠᠴᠠ ᠤᠨᠳᠤᠷᠬᠤ ᠥᠯᠢᠭᠡᠷ︾ — ᠠᠷᠪᠠᠨ ᠬᠤᠶᠠᠳᠤᠭᠠᠷ  ᠬᠤᠭᠤᠴᠠᠭᠠᠨ ᠤ ᠨᠣᠮ ᠲᠠᠢ ᠬᠠᠨᠢᠰᠬᠤ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠵᠠᠢ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠨᠤᠮ ᠤᠨ ᠦᠨᠦᠷ ᠬᠠᠩᠬᠤᠯᠵᠤ᠂ ᠠᠭᠤᠷ ᠠᠮᠢᠰᠬᠤᠯ ᠪᠢᠯᠬᠠᠮ᠎ᠠ ᠪᠠᠶᠢᠵᠤ᠂ ᠬᠤᠶᠠᠳᠤᠭᠠᠷ ᠬᠡᠦᠬᠡᠳ ᠤᠨ ᠴᠡᠴᠡᠷᠯᠢᠭ ᠠᠴᠠ ᠬᠦᠷᠦᠯᠴᠠᠨ ᠢᠷᠡᠭᠰᠡᠨ ᠠᠷᠪᠠᠨ ᠰᠢᠯᠢᠳᠡᠭ ᠪᠠᠭᠰᠢ ᠠᠳᠠᠯᠢ ᠪᠤᠰᠤ ᠬᠠᠷᠠᠭᠠᠰᠤ ᠠᠴᠠ ᠥᠪᠡᠷᠰᠡᠳ ᠤᠨ ᠤᠩᠰᠢᠭᠰᠠᠨ ᠨᠣᠮ ᠤᠨ ᠢᠶᠠᠨ ᠠᠭᠤᠯᠭ᠎ᠠ ᠵᠢᠴᠢ ᠤᠩᠰᠢᠯᠭ᠎ᠠ ᠶᠢᠨ ᠳᠤᠮᠳᠠᠬᠢ ᠪᠣᠳᠣᠯ᠂ ᠣᠶᠢᠯᠠᠭᠠᠯᠲᠠ ᠪᠠᠨ ᠶᠠᠷᠢᠵᠤ᠂ ᠥᠪᠡᠷ ᠤᠨ ᠠᠵᠢᠯ ᠤᠨ ᠲᠤᠷᠰᠢᠯᠭ᠎ᠠ ᠲᠠᠢ ᠪᠠᠨ         ᠤᠶᠠᠯᠳᠤᠭᠤᠯᠤᠨ᠂ ᠨᠣᠮ ᠳᠣᠲᠣᠷᠠᠬᠢ ᠲᠣᠯᠢ ᠪᠣᠯᠭᠠᠬᠤ ᠪᠠ ᠰᠤᠷᠤᠯᠴᠠᠬᠤ ᠵᠦᠢᠯᠡᠰ ᠢ ᠬᠤᠪᠢᠶᠠᠯᠴᠠᠵᠤ᠂ ᠪᠠᠭᠰᠢ ᠨᠠᠷ  ᠤᠨ ᠪᠢᠴᠢᠭ ᠵᠢᠭᠠᠵᠤ ᠬᠥᠮᠦᠨ ᠢ ᠬᠥᠮᠦᠵᠢᠭᠦᠯᠬᠦ᠂ ᠢᠳᠡᠪᠬᠢᠲᠡᠶ ᠪᠠᠷ ᠤᠷᠤᠭᠰᠢᠯᠠᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠶᠴᠡᠳ ᠢᠯᠡᠷᠡᠭᠦᠯᠪᠡ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠪᠠᠰᠠ ᠬᠢᠨᠠᠨ ᠲᠣᠭᠲᠠᠭᠠᠬᠤ ᠳᠤᠭᠤᠶᠢᠯᠠᠩ ᠪᠠᠶᠢᠭᠤᠯᠵᠤ᠂ ᠲᠤᠬᠠᠶ ᠶᠢᠨ ᠲᠠᠯᠠᠪᠠᠶ ᠳᠤ ᠪᠠᠭᠰᠢ ᠶᠢᠨ ᠬᠠᠮᠲᠤ ᠪᠠᠷ ᠡᠳ᠋ᠯᠡᠬᠦ ᠠᠭᠤᠯᠭ᠎ᠠ᠂ ᠨᠣᠮ ᠤᠩᠰᠢᠭᠰᠠᠨ ᠲᠡᠮᠳᠡᠭᠯᠡᠯ᠂ ᠢᠯᠡᠳᠬᠡᠬᠦ ᠴᠢᠳᠠᠪᠤᠷᠢ ᠶᠢ ᠦᠨᠳᠦᠰᠦᠯᠡᠨ ᠬᠢᠨᠠᠨ ᠰᠤᠩᠭᠤᠵᠠᠢ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠲᠠᠮᠵᠢᠨ ᠰᠢᠯᠢᠳᠡᠭ ᠪᠢᠴᠢᠭ ᠤᠨ ᠰᠤᠷᠪᠤᠯᠵᠢᠲᠤ ᠪᠠᠭᠰᠢ 3 ᠬᠥᠮᠦᠨ᠂ ᠨᠤᠮ ᠤᠨ ᠬᠡᠰᠢᠭᠲᠦ ᠠᠩᠬᠢ 5 ᠶᠢ ᠰᠣᠩᠭᠤᠨ ᠭᠠᠷᠭᠠᠵᠠᠢ᠃      ᠲᠣᠰ ᠤᠳᠠᠭᠠᠨ ᠤ ᠠᠵᠢᠯᠯᠠᠭ᠎ᠠ ᠨᠢ ᠨᠣᠮ ᠪᠢᠴᠢᠭ ᠢᠶᠠᠨ ᠬᠤᠪᠢᠶᠠᠯᠴᠠᠭᠰᠠᠨ ᠢᠶᠠᠷ ᠪᠠᠷᠠᠬᠤ ᠥᠬᠡᠶ ᠦᠵᠡᠯ ᠰᠠᠨᠠᠭ᠎ᠠ ᠪᠠᠨ ᠪᠠᠰᠠ ᠰᠤᠯᠢᠯᠴᠠᠵᠠᠢ᠃ ᠬᠤᠶᠢᠰᠢᠳᠠ ᠬᠤᠰᠢᠭᠤ ᠬᠤᠶᠠᠳᠤᠭᠠᠷ ᠬᠡᠦᠬᠡᠳ ᠤᠨ ᠴᠡᠴᠡᠷᠯᠢᠭ ᠨᠢ ᠨᠤᠮ ᠤᠨ ᠬᠡᠰᠢᠭᠲᠦ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢᠨ ᠲᠥᠯᠥᠭᠡ ᠦᠷᠭᠦᠯᠵᠢᠯᠡᠨ ᠴᠢᠷᠮᠠᠶᠢᠵᠤ᠂ ᠪᠥᠬᠦ ᠪᠠᠭᠰᠢ ᠰᠤᠷᠤᠭᠴᠢᠳ ᠤᠨ ᠦᠷᠭᠦᠯᠵᠢᠯᠡᠨ ᠨᠣᠮ ᠤᠩᠰᠢᠬᠤ ᠶᠢ ᠳᠥᠯᠭᠢᠨ ᠠᠬᠢᠭᠤᠯᠵᠤ᠂ ᠨᠣᠮ ᠤᠩᠰᠢᠬᠤ ᠶᠢ ᠠᠮᠢᠳᠤᠷᠠᠯ ᠤᠨ ᠨᠢᠭᠡ ᠬᠡᠰᠡᠭ ᠪᠣᠯᠭᠠᠵᠤ᠂ ᠨᠣᠮ ᠤᠩᠰᠢᠬᠤ ᠶᠢ ᠳᠡᠯᠭᠡᠷᠡᠭᠦᠯᠬᠦ ᠪᠤᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号