2024 ᠣᠨ ᠤ ᠵᠡᠭᠦᠨ ᠦᠵᠦᠮᠦᠴᠢᠨ ᠬᠤᠰᠢᠭᠤᠨ ᠤ ᠦᠨᠳᠦᠷ ᠬᠡᠪ ᠪᠣᠯᠪᠠᠰᠤᠷᠠᠯ ᠲᠠᠢ ᠣᠳᠤᠬᠢᠴᠢᠯᠠᠭᠰᠠᠨ ᠮᠠᠯ ᠠᠵᠤ ᠠᠬᠤᠢ ᠶᠢᠨ ᠬᠠᠮᠢᠶᠠᠷᠤᠯᠲᠠ ᠵᠢᠴᠢ ᠮᠠᠯᠴᠢᠳ ᠤᠨ ᠬᠡᠪ ᠴᠢᠨᠠᠷ ᠢ ᠳᠡᠭᠡᠭᠰᠢᠯᠡᠭᠦᠯᠬᠦ ᠲᠣᠰᠬᠠᠢ ᠰᠡᠳᠦᠪᠲᠦ ᠪᠣᠯᠪᠠᠰᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2024/4/17
      ᠨᠢᠭᠡ ᠪᠦᠯᠦᠭ ᠮᠡᠷᠭᠡᠵᠢᠯ ᠲᠠᠢ᠂ ᠡᠵᠡᠩᠨᠡᠯᠲᠡ ᠰᠠᠶᠢᠲᠠᠶ ᠰᠢᠨ᠎ᠡ ᠴᠠᠭ ᠦᠶ᠎ᠡ ᠶᠢᠨ ᠮᠠᠯᠴᠢᠳ ᠤᠨ ᠡᠩᠨᠡᠭᠡ ᠶᠢ ᠪᠣᠶᠢᠵᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠮᠠᠯᠴᠢᠳ ᠢ ᠬᠥᠮᠦᠵᠢᠭᠦᠯᠬᠦ ᠠᠵᠢᠯ ᠢ ᠶᠠᠰᠤ ᠴᠢᠨᠠᠷ ᠤᠨ ᠬᠡᠯᠪᠡᠷᠢ᠂ ᠬᠡᠷᠡᠭᠴᠡᠭᠡ ᠱᠠᠭᠠᠷᠳᠠᠯᠭ᠎ᠠ ᠶᠢᠨ ᠬᠡᠯᠪᠡᠷᠢ᠂ ᠬᠠᠮ ᠬᠡᠯᠪᠡᠷᠢ ᠳᠠᠰᠢ ᠬᠤᠪᠢᠷᠠᠭᠤᠯᠬᠤ ᠶᠢ ᠲᠦᠯᠬᠢᠨ ᠠᠬᠢᠭᠤᠯᠬᠤ ᠶᠢᠨ ᠲᠥᠯᠥᠭᠡ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠎ ᠠᠴᠠ ᠭᠤᠤᠯᠯᠠᠨ ᠡᠷᠬᠢᠯᠡᠵᠦ᠂ ︿︿ᠡᠵᠢ ᠶᠢᠨ ᠭᠤᠪᠢ﹀﹀ ᠦᠶᠯᠡᠴᠢᠯᠡᠭᠡᠨ ᠤ ᠲᠥᠪ ᠠᠴᠠ ᠳᠠᠭᠠᠭᠠᠴᠢᠯᠠᠨ ᠡᠷᠭᠢᠯᠡᠭᠰᠡᠨ 2024 ᠣᠨ ᠤ ᠵᠡᠭᠦᠨ ᠦᠵᠦᠮᠦᠴᠢᠨ ᠬᠤᠰᠢᠭᠤᠨ ᠤ ᠥᠨᠳᠥᠷ ᠬᠡᠪ ᠪᠣᠯᠪᠠᠰᠤᠷᠠᠯ ᠲᠠᠢ ᠣᠳᠣᠬᠢᠴᠢᠯᠠᠭᠰᠠᠨ ᠮᠠᠯ ᠠᠵᠤ ᠠᠬᠤᠢ ᠶᠢᠨ ᠬᠠᠮᠢᠶᠠᠷᠤᠯᠲᠠ ᠵᠢᠴᠢ ᠮᠠᠯᠴᠢᠳ ᠤᠨ ᠬᠡᠪ ᠴᠢᠨᠠᠷ ᠢ ᠳᠡᠭᠡᠭᠰᠢᠯᠡᠭᠦᠯᠬᠦ ᠲᠤᠰᠬᠠᠢ ᠰᠡᠳᠦᠪᠲᠦ  ᠪᠣᠯᠪᠠᠰᠤᠷᠠᠯ  3 ᠳ᠋ᠤᠭᠠᠷ ᠰᠠᠷ᠎ᠠ ᠶᠢᠨ 31᠎ ᠤ ᠡᠳᠦᠷ ᠠᠴᠠ 4 ᠳ᠋ᠦ᠋ᠭᠡᠷ ᠰᠠᠷ᠎ᠠ ᠶᠢᠨ 1᠎ ᠤ ᠡᠳᠦᠷ ᠪᠣᠯᠲᠠᠯ᠎ᠠ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠶᠯᠡᠳᠦᠯᠭᠡ ᠶᠢᠨ ᠦᠶᠯᠡᠴᠢᠯᠡᠭᠡᠨ ᠤ ᠲᠥᠪ ᠲᠤ ᠶᠠᠪᠤᠭᠳᠠᠵᠤ᠂ 70 ᠭᠠᠷᠤᠶ ᠮᠠᠯᠴᠢᠨ ᠪᠣᠯᠪᠠᠰᠤᠷᠠᠯ ᠳᠤ ᠣᠷᠣᠯᠴᠠᠵᠠᠶ᠃      ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠡᠳ᠋ ᠫᠷᠤᠹᠧᠰᠰᠤᠷ᠂ ᠳᠡᠭᠡᠳᠦ ᠵᠡᠷᠭᠡ ᠎ ᠶᠢᠨ ᠠᠵᠤ ᠠᠬᠤᠶᠢᠴᠢ ᠰᠠᠷᠠᠨᠲᠤᠶᠠᠭ᠎ᠠ᠂ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠡᠳ᠋ ᠫᠷᠤᠹᠧᠰᠰᠤᠷ᠂ ᠤᠯᠤᠰ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠨᠠᠨ ᠲᠣᠭᠲᠠᠭᠠᠯᠲᠠ ᠶᠢᠨ ᠳᠡᠭᠡᠳᠦ ᠵᠡᠷᠭᠡ ᠶᠢᠨ ᠬᠢᠨᠠᠨ ᠲᠣᠭᠲᠠᠭᠠᠭᠴᠢ ᠤᠯᠠᠭᠠᠨᠴᠡᠴᠡᠭ᠂ ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠎ ᠶᠢᠨ ᠫᠷᠤᠹᠧᠰᠰᠤᠷ᠂ ᠠᠵᠢᠯ ᠡᠷᠭᠢᠯᠡᠬᠦ ᠮᠠᠯ ᠤᠨ ᠡᠮᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ     ︿︿12316﹀﹀ ᠮᠠᠯ ᠲᠠᠷᠢᠶᠠᠯᠠᠩ ᠬᠥᠳᠡᠭᠡ ᠲᠣᠰᠬᠤᠨ ᠮᠠᠯᠴᠢᠨ ᠲᠠᠷᠢᠶᠠᠴᠢᠨ ᠳᠤ ᠦᠶᠯᠡᠴᠢᠯᠡᠬᠦ ᠲᠠᠷᠢᠶᠠᠯᠠᠩ ᠤᠨ ᠮᠡᠷᠭᠡᠵᠢᠯᠲᠡᠨ ᠰᠣᠶᠤᠯ ᠠᠴᠠ ᠬᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠡᠵᠡᠩᠨᠡᠯᠲᠡ ᠪᠠ ᠬᠠᠮᠢᠶᠠᠷᠤᠯᠲᠠ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠮᠡᠷᠭᠡᠵᠢᠯ᠂ ᠬᠡᠷ ᠤᠨ ᠲᠡᠵᠢᠭᠡᠪᠦᠷᠢ ᠶᠢᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠮᠡᠷᠭᠡᠵᠢᠯ᠂ ᠬᠡᠷ ᠤᠨ ᠲᠡᠵᠢᠭᠡᠪᠦᠷᠢ ᠶᠢᠨ ᠪᠠᠶᠢᠩᠭᠤ ᠲᠣᠬᠢᠶᠠᠯᠳᠤᠳᠠᠭ ᠡᠪᠡᠳᠴᠢᠨ ᠤ ᠣᠨᠣᠰᠢᠯᠠᠯᠲᠠ ᠵᠡᠷᠭᠡ ᠲᠠᠯ᠎ᠠ ᠪᠠᠷ ᠲᠣᠰ ᠲᠣᠰ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠭᠰᠡᠨ ᠪᠥᠭᠡᠳ ᠲᠤᠬᠠᠶ ᠶᠢᠨ ᠲᠠᠯᠠᠪᠠᠶ ᠎ ᠶᠢᠨ ᠮᠠᠯᠴᠢᠳ ᠤᠨ ᠠᠰᠠᠭᠤᠯᠲᠠ ᠳᠤ ᠬᠠᠷᠢᠭᠤᠯᠲᠠ ᠥᠭᠴᠡᠢ᠃      ᠲᠣᠰ ᠤᠳᠠᠭᠠᠨ ᠤ ᠪᠣᠯᠪᠠᠰᠤᠷᠠᠯ ᠨᠢ ᠥᠷᠭᠡᠨ ᠣᠯᠠᠨ ᠮᠠᠯᠴᠢᠳ ᠤᠨ ᠬᠦᠰᠡᠯ ᠡᠷᠡᠮᠡᠯᠵᠡᠯ ᠪᠠ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠵᠦ᠂ ᠮᠠᠯᠴᠢᠳ ᠤᠨ ᠲᠡᠵᠢᠭᠡᠨ ᠦᠷᠡᠵᠢᠭᠦᠯᠬᠦ ᠢᠲᠡᠭᠡᠯ ᠵᠣᠷᠢᠭ ᠢ ᠤᠯᠠᠮ ᠨᠢᠭᠡ ᠠᠯᠬᠤᠮ ᠬᠥᠪᠴᠢᠯᠡᠵᠦ᠂ ᠲᠠᠩᠰᠠ ᠪᠤᠳᠤᠵᠤ ᠡᠳ᠋ ᠤᠨ ᠶᠠᠪᠤᠳᠠᠯ ᠢ ᠬᠠᠮᠢᠶᠠᠷᠬᠤ ᠲᠠᠯ᠎ᠠ ᠶᠢᠨ ᠲᠠᠨᠢᠯᠲᠠ ᠶᠢ ᠳᠡᠭᠡᠭᠰᠢᠯᠡᠭᠦᠯᠵᠦ᠂ ᠵᠡᠭᠦᠨ ᠦᠵᠦᠮᠦᠴᠢᠨ ᠬᠤᠰᠢᠭᠤᠨ ᠤ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠲᠦᠮᠵᠢᠲᠡᠶ ᠵᠣᠯᠭᠠᠭᠤᠯᠬᠤ ᠳᠤ ᠴᠢᠳᠠᠪᠤᠷᠢᠲᠠᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号