ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠲᠤᠰᠢᠶᠠᠨ ᠭᠦᠢᠴᠡᠳᠭᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/17
      4 ᠰᠠᠷ᠎ᠠ ᠶᠢᠨ 2᠎ ᠤᠨ ᠡᠳᠦᠷ᠂ ᠮᠠᠨ ᠤ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠲᠤᠰᠢᠶᠠᠨ ᠭᠦᠢᠴᠡᠳᠭᠡᠬᠦ ᠬᠤᠷᠠᠯ ᠬᠤᠷᠠᠯᠳᠣᠭᠤᠯᠪᠠ᠃      ᠳᠡᠳ᠋ ᠬᠤᠰᠢᠭᠤ ᠳᠠᠷᠤᠭ᠎ᠠ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠺᠧ ᠰᠢᠶᠤᠤ ᠮᠢᠩ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠰᠢᠶᠣᠤ ᠮᠢᠩ ᠪᠤᠯᠤᠨ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠵᠠᠰᠠᠭ ᠤᠨ ᠣᠷᠳᠣᠨ ᠎ ᠤ ᠠᠯᠪᠠᠨ ᠬᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠲᠤᠰᠬᠠᠶ ᠵᠥᠪᠯᠡᠯ ᠵᠢᠴᠢ ᠬᠤᠯᠪᠣᠭᠳᠠᠯ ᠪᠥᠬᠦᠶ ᠳᠠᠭᠠᠭᠠᠨ ᠭᠦᠶᠴᠡᠳᠬᠡᠬᠦ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠎ ᠳᠤ ᠣᠷᠣᠯᠴᠠᠪᠠ᠃      ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠨ ᠴᠢ ᠵᠢᠶᠦ᠋ᠨ ᠬᠤᠷᠠᠯ ᠢ         ᠡᠷᠭᠢᠯᠡᠪᠡ᠃        ᠬᠤᠷᠠᠯ ᠳᠡᠭᠡᠷ᠎ᠡ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢᠨ ᠪᠠᠶᠢᠳᠠᠯ ᠳᠤ ᠲᠣᠳᠣᠷᠬᠠᠶᠢᠯᠠᠯᠲᠠ ᠬᠢᠪᠠ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠠᠴᠠ ᠨᠠᠰᠢ᠂ ᠨᠡᠶᠢᠲᠡ 77 ᠬᠤᠪᠢ ᠰᠠᠨᠠᠯ ᠳᠤᠷᠠᠳᠤᠯᠭ᠎ᠠ ᠎ ᠶᠢ ᠭᠥᠯᠢᠶᠡᠨ ᠠᠪᠴᠤ᠂ ᠬᠢᠨᠠᠨ ᠪᠠᠶᠢᠴᠠᠭᠠᠬᠤ ᠪᠠᠷ ᠳᠡᠮᠵᠢᠨ 62 ᠬᠤᠪᠢ ᠶᠢ ᠨᠢ ᠳᠡᠩᠰᠡᠯᠡᠵᠦ᠂ 8 ᠬᠤᠪᠢ ᠰᠠᠨᠠᠯ ᠳᠤᠷᠠᠳᠤᠯᠭ᠎ᠠ ᠶᠢ ᠭᠤᠤᠯᠳᠠᠯᠭ᠎ᠠ ᠲᠠᠢ ᠰᠠᠨᠠᠯ ᠳᠤᠷᠠᠳᠤᠯᠭ᠎ᠠ ᠪᠠᠷ ᠲᠣᠭᠲᠠᠭᠠᠪᠠ᠃      ᠬᠤᠷᠠᠯ ᠠᠴᠠ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ ᠰᠠᠨᠠᠯ ᠳᠤᠷᠠᠳᠤᠯᠭ᠎ᠠ ᠶᠢ ᠲᠤᠰᠢᠶᠠᠨ  ᠭᠦᠢᠴᠡᠳᠬᠡᠬᠦ ᠶᠣᠰᠣᠯᠠᠯ ᠶᠠᠪᠤᠭᠤᠯᠪᠠ᠃      ᠺᠧ ᠰᠢᠶᠣᠤ ᠮᠢᠩ ᠴᠢᠬᠤᠯᠠᠴᠢᠯᠠᠭᠰᠠᠨ ᠨᠢ᠂ ᠡᠯ᠎ᠡ ᠳᠠᠭᠠᠭᠠᠨ ᠭᠦᠢᠴᠡᠳᠬᠡᠬᠦ ᠨᠢᠭᠡᠴᠡ ᠠᠴᠠ ᠣᠳᠣᠬᠠᠨ ᠤ ᠠᠵᠢᠯ ᠤᠨ ᠰᠠᠭᠤᠷᠢᠨ ᠳᠡᠭᠡᠷ᠎ᠡ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠵᠥᠪᠳᠡᠯᠴᠡᠭᠡ ᠪᠠᠨ ᠭᠦᠨᠵᠡᠭᠡᠶᠢᠷᠡᠭᠦᠯᠵᠦ᠂ ᠰᠠᠨᠠᠯ ᠳᠤᠷᠠᠳᠤᠯᠭ᠎ᠠ ᠳᠤᠷᠠᠳᠬᠤ ᠪᠠ ᠭᠦᠢᠴᠡᠳᠭᠡᠬᠦ ᠬᠤᠶᠠᠷ ᠲᠠᠯ᠎ᠠ ᠶᠢᠨ ᠰᠠᠶᠢᠨ ᠰᠠᠶᠢᠬᠠᠨ ᠬᠠᠷᠢᠯᠴᠠᠭ᠎ᠠ ᠪᠠᠨ ᠪᠠᠲᠤᠳᠬᠠᠵᠤ᠂ ᠤᠯᠤᠰ ᠲᠥᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠭᠦᠢᠴᠡᠳᠬᠡᠬᠦ ᠪᠠᠷᠢᠮᠵᠢᠶ᠎ᠠ ᠪᠠ ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠰᠢᠭᠤ ᠤᠯᠤᠰ ᠲᠥᠷᠦ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠵᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠤ  ᠰᠠᠨᠠᠯ ᠳᠤᠷᠠᠳᠤᠯᠭ᠎ᠠ ᠶᠢ ᠭᠦᠢᠴᠡᠳᠬᠡᠬᠦ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠵᠡᠭᠦᠨ ᠦᠵᠦᠮᠦᠴᠢᠨ ᠬᠤᠰᠢᠭᠤᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠣᠶᠤᠨ ᠤᠬᠠᠭᠠᠨ ᠪᠠ ‍ᠦ᠋ᠴᠦᠨ ᠴᠢᠳᠠᠯ ᠢᠶᠠᠨ ᠨᠢᠭᠲᠠᠷᠠᠭᠤᠯᠬᠤ ᠬᠡᠷᠡᠭᠲᠡᠢ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号