ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠳᠤ ᠪᠥᠬᠦ ᠲᠠᠯ᠎ᠠ ᠪᠠᠷ ᠣᠷᠣᠬᠤ ᠲᠤᠬᠠᠢ ᠵᠡᠭᠦᠨ ᠦᠵᠦᠮᠦᠴᠢᠨ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠵᠢᠯᠤᠭᠤᠳᠬᠤ ᠭᠠᠵᠠᠷ ᠤᠨ ᠠᠯᠪᠠᠨ ᠭᠡᠷ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2024/4/17
      2024 ᠣᠨ ᠤ 3 ᠰᠠᠷ᠎ᠠ ᠶᠢᠨ 15᠎ ᠤ ᠡᠳᠦᠷ ᠠᠴᠠ 6 ᠰᠠᠷ᠎ᠠ ᠶᠢᠨ 15᠎ ᠤ ᠡᠳᠦᠷ ᠪᠣᠯᠲᠠᠯ᠎ᠠ ᠮᠠᠨ ᠤ ᠬᠤᠰᠢᠭᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠳᠤ ᠪᠠᠶᠢᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ        ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾᠂     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠣᠳᠤ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠬᠦ᠂ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠪᠣᠯ ᠠᠷᠠᠳ ᠢᠷᠭᠡᠨ ᠨᠢᠭᠡᠪᠦᠷᠢ ᠶᠢᠨ ᠡᠭᠦᠷᠭᠡ ᠪᠣᠯᠣᠨ᠎ᠠ᠃ ᠶᠠᠮᠠᠷᠪᠠ ᠨᠢᠭᠡᠴᠡ ᠪᠠ ᠬᠤᠪᠢ ᠬᠥᠮᠥᠨ ᠴᠥᠮ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠪᠠᠶᠢᠴᠠᠭᠠᠯᠲᠠ ᠪᠠ ᠤᠬᠠᠭᠤᠯᠭ᠎ᠠ ᠬᠥᠮᠦᠵᠢᠯ ᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃      ᠬᠤᠶᠠᠷ᠂ ᠡᠯ᠎ᠡ ᠰᠤᠮᠤ ᠪᠠᠯᠭᠠᠰᠤ ︵ᠲᠠᠯᠠᠪᠠᠶ︶᠂ ᠭᠠᠴᠠᠭ᠎ᠠ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ᠂ ᠬᠡᠭᠡᠷ᠎ᠡ ᠭᠠᠳᠠᠨ᠎ᠠ ᠪᠠᠷᠢᠯᠭ᠎ᠠ ᠪᠠᠷᠢᠬᠤ ᠠᠵᠤ ᠠᠬᠤᠶᠢᠯᠠᠯ ᠵᠡᠷᠭᠡ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠡ ᠨᠢ ᠭᠠᠯ ᠤᠨᠲᠠᠷᠠᠭᠠᠬᠤ ᠠᠩᠭᠢ ᠶᠢ ᠵᠣᠬᠢᠶᠠᠨ ᠪᠠᠶᠢᠭᠤᠯᠵᠤ᠂ ᠵᠣᠬᠢᠬᠤ ᠭᠠᠯ ᠤᠨᠲᠠᠷᠠᠭᠠᠬᠤ ᠪᠠᠭᠠᠵᠢ ᠪᠠ ᠲᠣᠨᠤᠭ ᠲᠥᠬᠦᠭᠡᠷᠦᠮᠵᠢ ᠲᠣᠬᠢᠷᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠭᠠᠯ ᠰᠡᠷᠭᠡᠶᠢᠯᠡᠨ ᠤᠨᠲᠠᠷᠠᠭᠠᠬᠤ ᠪᠣᠯᠪᠠᠰᠤᠷᠠᠯ ᠤᠨ ᠰᠣᠷᠢᠯᠲᠠ ᠶᠢ ᠬᠢᠵᠦ᠂ ᠬᠤᠰᠢᠭᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠤᠨ ᠠᠯᠪᠠᠨ ᠭᠡᠷ ᠤᠨ ᠲᠤᠬᠢᠷᠠᠭᠤᠯᠤᠯᠲᠠ ᠶᠢ ᠬᠦᠯᠢᠶᠡᠬᠦ ᠶᠢᠨ ᠬᠠᠮᠲᠤ ᠬᠤᠰᠢᠭᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠠ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠶᠢ ᠬᠦᠯᠢᠶᠡᠬᠦ ᠬᠡᠷᠡᠭᠲᠡᠢ᠃      ᠭᠤᠷᠪᠠ᠂ ᠶᠠᠮᠠᠷᠪᠠ ᠨᠢᠭᠡᠴᠡ ᠪᠤᠶᠤ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ ᠢ ᠣᠯᠵᠤ ᠮᠡᠳᠡᠪᠡᠯ᠂ ᠪᠠᠶᠢᠭ᠎ᠠ ᠰᠤᠮᠤ ᠪᠠᠯᠭᠠᠰᠤ ︵ᠲᠠᠯᠠᠪᠠᠶ︶ ᠪᠣᠯᠣᠨ ᠬᠤᠰᠢᠭᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠤᠨ ᠠᠯᠪᠠᠨ ᠭᠡᠷ ᠲᠤ ᠳᠠᠷᠤᠶᠢᠬᠠᠨ ᠮᠡᠳᠡᠭᠦᠯᠬᠦ ᠶᠢᠨ ᠬᠠᠮᠲᠤ ᠲᠣᠰ ᠪᠡᠶ᠎ᠡ ᠶᠢᠨ ᠠᠮᠤᠷ ᠲᠦᠪᠰᠢᠨ ᠢᠶᠠᠨ ᠦᠨᠡᠨᠬᠦ ᠪᠠᠲᠤᠯᠠᠭᠰᠠᠨ ᠪᠠᠶᠢᠳᠠᠯ ᠳᠣᠣᠷ᠎ᠠ ᠵᠣᠬᠢᠬᠤ ᠭᠠᠯ ᠤᠨᠲᠠᠷᠠᠭᠠᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠤᠨᠲᠠᠷᠠᠭᠠᠬᠤ ᠳᠤ ᠵᠡᠮᠳᠡᠭ ᠬᠥᠮᠥᠰ᠂ ᠵᠢᠷᠮᠦᠰᠦᠨ ᠡᠮᠡᠭᠲᠡᠢ᠂ ᠨᠠᠰᠤᠨ ᠳᠤ ᠥᠯᠥ ᠭᠦᠷᠦᠭᠰᠡᠳ ᠪᠣᠯᠣᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠤᠨᠲᠠᠷᠠᠭᠠᠬᠤ ᠳᠤ ᠣᠷᠣᠯᠴᠠᠬᠤ ᠳᠤ ᠲᠣᠬᠢᠷᠠᠬᠤ ᠦᠭᠡᠢ ᠪᠤᠰᠤᠳ ᠬᠥᠮᠥᠰ ᠢ ᠳᠠᠶᠢᠴᠢᠯᠠᠵᠤ ᠪᠣᠯᠬᠤ ᠦᠭᠡᠢ᠃      ᠳᠥᠷᠪᠡ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠤ ᠬᠤᠭᠤᠴᠠᠭᠠᠨ ᠳᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠤ ᠳᠣᠲᠣᠷ᠎ᠠ ︵ᠪᠥᠬᠦ ᠬᠤᠰᠢᠭᠤᠨ ᠤ ᠬᠢᠯᠢ ᠳᠣᠲᠣᠷ᠎ᠠ︶᠎ ᠳᠤ ᠳᠣᠣᠷᠠᠬᠢ ᠮᠡᠲᠦ ᠦᠶᠯᠡ ᠠᠵᠢᠯᠯᠠᠭ᠎ᠠ ᠶᠢ ᠴᠠᠭᠠᠵᠠᠯᠠᠨ᠎ᠠ᠄     (ᠨᠢᠭᠡ)ᠭᠠᠯ ᠤᠨ ᠲᠦᠷᠦᠯ᠂ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠢ ᠪᠡᠶ᠎ᠡ ᠳᠡᠭᠡᠨ ᠠᠪᠴᠤ ᠶᠠᠪᠤᠬᠤ︔      (ᠬᠤᠶᠠᠷ)ᠲᠠᠮᠠᠬᠢ ᠲᠠᠲᠠᠬᠤ᠂ ᠭᠠᠯ ᠨᠤᠴᠤᠭᠠᠬᠤ᠂ ᠴᠠᠭᠠᠰᠤ ᠰᠢᠲᠠᠭᠠᠬᠤ᠂ ᠬᠦᠵᠢ ᠵᠤᠯᠠ ᠠᠰᠠᠭᠠᠬᠤ᠂ ᠬᠡᠭᠡᠷ᠎ᠡ ᠬᠤᠭᠤᠯᠠᠯᠠᠬᠤ︔      (ᠭᠤᠷᠪᠠ)ᠬᠤᠸᠠᠷ ᠫᠤᠤᠵᠢᠩ ᠲᠠᠯᠪᠢᠬᠤ ᠪᠠ ᠭᠠᠯ ᠪᠠᠮᠪᠠᠷ ᠢᠶᠠᠷ ᠭᠡᠷᠡᠯᠳᠦᠬᠦᠯᠬᠦ︔      ( ᠳᠥᠷᠪᠡ)ᠬᠤᠭ ᠨᠣᠪᠰᠢ ᠶᠢ ᠰᠢᠲᠠᠭᠠᠬᠤ︔      (ᠲᠠᠪᠤ)ᠪᠤᠰᠤᠳ ᠦᠢᠯᠡᠳᠪᠦᠷᠢᠯᠡᠯ ᠤᠨ ᠪᠤᠰᠤ ᠴᠢᠨᠠᠷ ᠲᠠᠢ ᠭᠠᠯ ᠬᠡᠷᠡᠭᠯᠡᠬᠦ᠃      ᠲᠠᠪᠤ᠂ ᠡᠯ᠎ᠡ ᠰᠤᠮᠤ ᠪᠠᠯᠭᠠᠰᠤ ︵ᠲᠠᠯᠠᠪᠠᠶ︶᠂ ᠪᠦᠷᠢᠯᠳᠦᠭᠦᠨ ᠨᠢᠭᠡᠴᠡ ᠨᠢ 24 ᠴᠠᠭ ᠢᠶᠠᠷ ᠵᠢᠵᠢᠭᠦᠷᠯᠡᠬᠦ᠂ ᠤᠳᠤᠷᠢᠳᠤᠯᠭ᠎ᠠ ᠡᠭᠡᠯᠵᠢ ᠳᠠᠭᠠᠭᠤᠯᠬᠤ᠂ ᠲᠡᠷᠭᠡ ᠬᠥᠰᠬᠡ ᠵᠠᠷᠯᠢᠭ ᠬᠦᠯᠢᠶᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠴᠢᠮᠡᠭᠡ ᠬᠤᠯᠪᠣᠭ᠎ᠠ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃ ᠭᠠᠯ ᠰᠡᠷᠭᠡᠶᠢᠯᠡᠬᠦ ᠮᠡᠳᠡᠭᠡ ᠵᠠᠩᠭᠢ ᠶᠢ ᠮᠡᠳᠡᠭᠦᠯᠬᠦ ᠳᠡᠰ ᠳᠠᠷᠠᠭᠠᠯᠠᠯ ᠢ ᠴᠢᠩᠭᠠᠳᠬᠠᠵᠤ᠂ ᠣᠯᠠᠨ ᠲᠠᠯ᠎ᠠ ᠠᠴᠠ ᠳᠡᠭᠡᠭᠰᠢ ᠮᠡᠳᠡᠭᠦᠯᠬᠦ ᠶᠢ ᠡᠷᠡᠰ ᠬᠤᠷᠢᠭᠯᠠᠬᠤ ᠬᠡᠷᠡᠭᠲᠡᠢ᠃      ᠵᠢᠷᠭᠤᠭ᠎ᠠ᠂ ᠡᠯ᠎ᠡ ᠰᠤᠮᠤ ᠪᠠᠯᠭᠠᠰᠤ ︵ᠲᠠᠯᠠᠪᠠᠶ︶᠂ ᠪᠦᠷᠢᠯᠳᠦᠭᠦᠨ ᠨᠢᠭᠡᠴᠡ ᠨᠢ ᠡᠯ᠎ᠡ ᠵᠦᠢᠯ ᠤᠨ ᠤᠬᠠᠭᠤᠯᠭ᠎ᠠ ᠶᠢᠨ ᠵᠠᠭᠤᠴᠢᠯᠠᠭᠤᠷ ᠪᠠ ᠠᠷᠭ᠎ᠠ ᠪᠠᠷᠢᠯ ᠢ ᠭᠦᠢᠴᠡᠳ ᠠᠰᠢᠭᠯᠠᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠶᠡᠷᠦ ᠶᠢᠨ ᠮᠡᠳᠡᠯᠭᠡ ᠶᠢ ᠶᠡᠬᠡᠪᠡᠷ ᠲᠦᠭᠡᠮᠡᠯᠵᠢᠭᠦᠯᠬᠦ ᠬᠡᠷᠡᠭᠲᠡᠢ᠃      ᠳᠣᠯᠤᠭ᠎ᠠ᠂ ᠬᠡᠷᠪᠡ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠪᠡᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ᠶᠣᠰᠣᠭᠠᠷ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠴᠠᠭᠳᠠᠭ᠎ᠠ ᠳᠤ ᠮᠡᠳᠡᠭᠦᠯᠬᠦ ᠤᠲᠠᠰᠤ᠄      ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠢᠵᠢᠭᠦᠷ ᠤᠨ ᠤᠲᠠᠰᠤ᠄ 12119      ᠤᠯᠢᠶᠠᠰᠤᠲᠠᠢ ᠪᠠᠯᠭᠠᠰᠤ᠄ 3223508      ᠳᠠᠭᠤᠲᠤᠨᠠᠭᠤᠷ ᠪᠠᠯᠭᠠᠰᠤ᠄ 3358176      ᠬᠠᠲᠠᠪᠴᠢ ᠪᠠᠯᠭᠠᠰᠤ᠄ 3363055      ᠡᠵᠢᠨᠠᠭᠤᠷ ᠪᠠᠯᠭᠠᠰᠤ᠄ 2770942      ᠮᠠᠨᠳᠤᠬᠤᠪᠤᠯᠠᠭ ᠪᠠᠯᠭᠠᠰᠤ᠄ 3361177      ᠬᠦᠷᠢᠶᠡᠳᠦᠨᠠᠭᠤᠷ ᠰᠤᠮᠤ᠄ 3366014      ᠰᠠᠮᠠᠢ ᠰᠤᠮᠤ᠄ 3366627      ᠠᠯᠲᠠᠨᠬᠢᠯᠢ ᠰᠤᠮᠤ᠄ 3435021      ᠭᠠᠬᠢᠯ ᠰᠤᠮᠤ᠄ 3220906      ᠪᠣᠭᠳᠠ ᠠᠭᠤᠯᠠ ᠣᠶ ᠰᠢᠭᠤᠢ ᠶᠢᠨ ᠲᠠᠯᠠᠪᠠᠶ᠄ 2288075      ᠬᠤᠰᠢᠭᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ᠄ 3226882      ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠄ 6709688      ᠬᠤᠰᠢᠭᠤ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠦᠢᠯᠡᠴᠢᠯᠡᠭᠡᠨ ᠤ ᠲᠥᠪ᠄ 3221814
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号