︽ᠡᠵᠢ ᠶᠢᠨ ᠭᠤᠪᠢ︾ ᠠᠮᠢᠳᠤ ᠮᠠᠯ ᠤᠨ ᠰᠤᠯᠢᠯᠴᠠᠭᠠᠨ ᠤ ᠵᠠᠬ᠎ᠠ ᠰᠣᠯᠢᠯᠴᠠᠭ᠎ᠠ ᠪᠠᠨ ᠡᠬᠢᠯᠡᠭᠦᠯᠦᠯ᠎ᠡ
ᠨᠡᠶᠢᠲᠡᠯᠡᠭᠰᠡᠨ ᠴᠠᠭ᠄
2024/4/17
      3 ᠰᠠᠷ᠎ᠠ ᠶᠢᠨ 31 ᠤ ᠡᠳᠦᠷ᠂ ᠮᠠᠨ ᠤ ᠬᠤᠰᠢᠭᠤᠨ ᠤ  ︽ᠡᠵᠢ ᠶᠢᠨ ᠭᠤᠪᠢ︾  ᠠᠮᠢᠳᠤ ᠮᠠᠯ ᠤᠨ ᠰᠤᠯᠢᠯᠴᠠᠭᠠᠨ ᠤ ᠵᠠᠬ᠎ᠠ 2024 ᠣᠨ ᠤ ᠠᠩᠬᠠᠨ ᠤ ᠰᠤᠯᠢᠯᠴᠠᠭ᠎ᠠ ᠪᠠᠨ ᠡᠬᠢᠯᠡᠭᠦᠯᠦᠯ᠎ᠡ᠃      ᠰᠣᠯᠢᠯᠴᠠᠭ᠎ᠠ ᠪᠠᠨ ᠡᠬᠢᠯᠡᠭᠦᠯᠦᠭᠰᠡᠨ ᠠᠩᠬᠠᠨ ᠤ ᠡᠳᠦᠷ ᠲᠤᠰ ᠵᠠᠬ᠎ᠠ ᠳᠤ ᠮᠠᠯᠴᠢᠳ ᠠᠴᠠ 500 ᠰᠢᠬᠠᠮ ᠮᠠᠯ ᠪᠦᠷᠢᠳᠭᠡᠭᠦᠯᠦᠨ᠂ 170 ᠭᠠᠷᠦᠢ ᠮᠠᠯ ᠰᠣᠯᠢᠯᠴᠠᠭ᠎ᠠ ᠭᠢᠭᠰᠡᠨ ᠪᠠᠶᠢᠨ᠎ᠠ᠃      ᠡᠨᠡᠬᠦ ᠰᠣᠯᠢᠯᠴᠠᠭᠠᠨ ᠤ ᠵᠠᠬ᠎ᠠ ᠪᠠᠷ ᠳᠠᠮᠵᠢᠨ ᠮᠠᠯᠴᠢᠳ ᠡᠯ᠎ᠠ ᠭᠠᠵᠠᠷ ᠤᠨ ᠠᠷᠠᠯᠵᠢᠶᠠᠴᠢᠨ ᠲᠠᠢ ᠦᠨ᠎ᠡ ᠬᠠᠶᠠᠯᠴᠠᠵᠤ᠂ ᠦᠨ᠎ᠡ ᠬᠠᠩᠰᠢ ᠳᠣᠬᠢᠷᠡᠪᠠᠯ ᠰᠢᠭᠤᠳ ᠪᠣᠷᠣᠯᠠᠭᠤᠯᠵᠣ᠂ ᠮᠦᠨ ᠴᠦ ᠬᠠᠪᠣᠷ ᠵᠤᠨ ᠤ ᠣᠯᠠᠷᠢᠯ ᠳᠤ ᠮᠠᠯ ᠤᠨᠤᠭ᠎ᠠ ᠪᠠᠨ ᠠᠷᠠᠯᠵᠢᠶᠠᠯᠠᠬᠤ ᠳᠤ ᠠᠰᠢᠭᠲᠠᠢ ᠨᠦᠭᠦᠴᠡᠯ ᠢ ᠬᠠᠩᠭᠠᠵᠤ ᠦᠭᠴᠡᠢ᠃      ᠣᠶᠢᠷ᠎ᠠ ᠶᠢᠨ ᠵᠢᠯ ᠠᠴᠠ᠂ ᠡᠵᠢᠨᠠᠭᠤᠷ ᠪᠠᠯᠭᠠᠰᠤᠨ ᠤ ᠬᠠᠷᠠᠭᠠᠲᠤ ᠭᠠᠴᠠᠭᠠᠨ ᠤ  ︽ᠡᠵᠢ ᠶᠢᠨ ᠭᠤᠪᠢ︾ ᠠᠮᠢᠳᠤ ᠮᠠᠯ ᠤᠨ ᠰᠣᠯᠢᠯᠴᠠᠭᠠᠨ ᠤ ᠵᠠᠬ᠎ᠠ ᠨᠢ ︽ᠭᠠᠴᠠᠭᠠᠨ ᠤ ᠨᠠᠮ ᠤᠨ ᠡᠭᠦᠷ + ᠵᠠᠬ᠎ᠠ ᠳᠡᠯᠭᠡᠭᠦᠷ + ᠮᠠᠯᠴᠢᠨ ᠡᠷᠦᠬᠡ︾ ᠭᠡᠰᠡᠨ ᠬᠠᠮᠢᠶᠠᠷᠤᠯᠲᠠ ᠶᠢᠨ ᠵᠠᠭᠪᠤᠷ ᠢᠶᠠᠷ ︽ᠠᠮᠢᠳᠤ ᠮᠠᠯ ᠤᠨ ᠠᠷᠠᠯᠵᠢᠶᠠᠨ ᠤ ᠵᠢᠵᠢᠭ ᠵᠠᠬ᠎ᠠ         ᠳᠡᠯᠭᠡᠭᠦᠷ + ᠭᠠᠳᠠᠷ ᠣᠷᠣᠨ ᠤ ᠲᠣᠮᠣ ᠬᠤᠳᠠᠯᠳᠤᠭᠠᠴᠢᠨ + ᠮᠠᠯᠴᠢᠨ ᠡᠷᠦᠬᠡ ᠳᠤ ᠠᠰᠢᠭ ᠬᠦᠷᠲᠡᠭᠡᠬᠦ︾ ᠡᠵᠡᠩᠨᠡᠯᠲᠡ ᠶᠢᠨ ᠠᠷᠭ᠎ᠠ ᠮᠠᠶ᠋ᠢᠭ ᠢᠶᠠᠷ᠂ ᠠᠷᠠᠯᠵᠢᠶᠠᠴᠢᠨ ᠪᠤᠯᠤᠨ ᠮᠠᠯᠴᠢᠳ ᠲᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ︽ᠵᠠᠬ᠎ᠠ ᠳᠡᠯᠭᠡᠭᠦᠷ᠂ ᠠᠷᠠᠯᠵᠢᠶᠠᠴᠢᠨ᠂ ᠮᠠᠯᠴᠢᠨ︾ ᠤ ᠬᠤᠭᠤᠷᠣᠨᠳᠣᠬᠢ ᠬᠠᠷᠢᠴᠠᠭ᠎ᠠ ᠶᠢ ᠨᠢᠭᠲᠠᠷᠠᠭᠤᠯᠵᠤ᠂ ᠭᠤᠷᠪᠠᠨ ᠲᠠᠯ᠎ᠠ ᠳᠤ ︽ᠬᠠᠮᠲᠤ ᠪᠠᠷ ᠠᠰᠢᠭ ᠭᠥᠷᠳᠡᠬᠦ︾ ᠶᠢ ᠪᠡᠶᠡᠯᠡᠭᠦᠯᠦᠭᠰᠡᠨ  ᠤ ᠬᠠᠮᠲᠤ ᠦᠨᠡᠨᠴᠢ ᠢᠲᠡᠭᠡᠮᠵᠢᠲᠡᠶ ᠪᠠᠷ ᠡᠵᠡᠩᠨᠡᠬᠦ ᠶᠢ ᠪᠠᠷᠢᠮᠲᠠᠯᠠᠨ᠂ ᠮᠠᠯᠴᠢᠳ ᠪᠣᠯᠣᠨ ᠠᠷᠠᠯᠵᠢᠶᠠᠴᠢᠨ ᠳᠤ ᠦᠨᠡᠨ ᠪᠣᠳᠠᠲᠠᠶ ᠠᠰᠢᠭ ᠬᠦᠷᠲᠡᠭᠡᠭᠰᠡᠨ ᠪᠠᠶᠢᠨ᠎ᠠ᠃      ᠦᠢᠯᠠᠭᠠᠭᠰᠠᠨ ᠢᠶᠠᠷ᠂ ︽ᠡᠵᠢ ᠶᠢᠨ ᠭᠤᠪᠢ︾ ᠠᠮᠢᠳᠤ ᠮᠠᠯ ᠤᠨ ᠰᠣᠯᠢᠯᠴᠠᠭᠠᠨ ᠤ ᠵᠠᠬ᠎ᠠ ᠨᠢ ᠤᠤᠯ ᠤᠨ ᠶᠠᠩᠵᠤ ᠪᠠᠷ ᠰᠣᠯᠢᠯᠴᠠᠭᠠᠨ ᠤ ᠡᠳᠦᠷ ᠢᠶᠠᠨ ᠭᠠᠷᠠᠭ ᠤᠨ ᠨᠢᠭᠡᠨ᠂  ᠭᠤᠷᠪᠡᠨ᠂  ᠲᠠᠪᠤᠨ ᠳᠤ ᠶᠠᠪᠣᠭᠳᠠᠭᠤᠯᠬᠤ ᠪᠣᠯᠣᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号