ᠮᠠᠨ ᠤ ᠬᠤᠰᠢᠭᠤ ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠬᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/4/18
      ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠭᠦᠨ ᠳᠤᠷᠠᠰᠤᠨ ᠰᠠᠨᠠᠭᠠᠯᠵᠠᠵᠤ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠨ᠂ ᠬᠤᠪᠢᠰᠬᠠᠯ ᠤᠨ ᠮᠦᠷ ᠢ ᠮᠦᠷᠳᠡᠨ᠂ ᠬᠤᠪᠢᠰᠬᠠᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠎ ᠶᠢ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 3᠎ ᠤ ᠦᠳᠡ ᠶᠢᠨ ᠡᠮᠦᠨ᠎ᠡ᠂ ᠬᠠᠩᠰᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠮᠠᠨ ᠤ ᠬᠤᠰᠢᠭᠤ ᠬᠠᠩᠰᠢ ᠶᠢᠨ ᠡᠳᠦᠷ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠬᠠᠬᠤ ᠠᠵᠢᠯᠯᠠᠭ᠎ᠠ ᠥᠷᠨᠢᠭᠦᠯᠪᠡ᠃      ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠠᠯᠪᠠᠨ ᠪᠠᠶᠢᠭᠤᠯᠭ᠎ᠠ ᠶᠢᠨ ᠺᠠᠳ᠋ᠷ᠂ ᠰᠠᠶᠢᠨ ᠳᠤᠷᠠᠴᠤᠳ᠂ ᠴᠡᠷᠢᠭ ᠠᠴᠠ ᠬᠠᠯᠠᠭᠳᠠᠭᠰᠠᠳ᠂ ᠰᠤᠷᠤᠭᠴᠢᠳ ᠤᠨ ᠲᠥᠯᠥᠭᠡᠯᠡᠭᠴᠢ ᠨᠡᠶᠢᠲᠡ 200 ᠭᠠᠷᠤᠶ ᠬᠥᠮᠦᠨ ᠠᠵᠢᠯᠯᠠᠭ᠎ᠠ ᠳᠤ ᠣᠷᠣᠯᠴᠠᠵᠠᠶ᠃      ᠦᠳᠡ ᠶᠢᠨ ᠡᠮᠦᠨᠡᠬᠢ 9 ᠴᠠᠭ ᠲᠤ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶᠡᠨ ᠳᠣᠣᠷ᠎ᠠ᠂ ᠪᠦᠬᠦ ᠬᠥᠮᠦᠰ ᠦᠷᠡᠭᠳᠡᠭᠰᠡᠨ ᠪᠠᠭᠠᠲᠤᠷᠴᠤᠳ ᠲᠤ ᠡᠷᠬᠢᠮ ᠳᠡᠭᠡᠳᠦ ᠬᠦᠨᠳᠦᠳᠬᠡᠯ ᠢᠯᠡᠷᠬᠡᠶᠢᠯᠡᠨ᠂ ᠤᠯᠤᠰ ᠤᠨ ᠰᠦᠯᠳᠡ ᠳᠠᠭᠤᠤ ᠶᠢ ᠲᠥᠪ ᠬᠢᠴᠢᠶᠡᠩᠭᠦᠢ ᠪᠠᠷ ᠳᠠᠭᠤᠯᠠᠵᠤ᠂ ᠭᠠᠰᠢᠭᠤᠳᠠᠨ ᠨᠠᠮᠠᠨᠴᠢᠯᠠᠪᠠ᠃ ᠪᠦᠬᠦ ᠬᠥᠮᠦᠰ ᠴᠢᠩ ᠦᠨᠡᠨᠴᠢ ᠰᠡᠳᠬᠢᠯᠭᠡ ᠶᠢ ᠡᠪᠦᠷᠯᠡᠨ᠂ ᠦᠷᠡᠭᠳᠡᠭᠰᠡᠨ ᠪᠠᠭᠠᠲᠤᠷᠴᠤᠳ ᠲᠤ ᠰᠣᠷᠭᠤᠭ ᠴᠡᠴᠡᠭ ᠬᠦᠷᠭᠡᠵᠦ᠂ ᠤᠩᠭᠤᠨ ᠤ ᠬᠥᠰᠢᠶᠡᠨ ᠳᠡᠭᠡᠷᠡᠬᠢ ᠲᠣᠭᠤᠰᠣ ᠰᠢᠷᠣᠢ ᠶᠢ ᠠᠷᠴᠢᠵᠤ᠂ ᠳᠤᠷᠠᠰᠤᠭᠰᠠᠨ ᠰᠠᠨᠠᠭᠠᠯᠵᠠᠪᠠ᠃      ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠬᠤ ᠨᠢ ᠢᠷᠡᠭᠰᠡᠨ ᠵᠠᠮ ᠢᠶᠠᠨ ᠮᠠᠷᠲᠠᠬᠤ ᠦᠭᠡᠢ ᠎ ᠶᠢᠨ ᠲᠥᠯᠥᠭᠡ᠂ ᠪᠠᠭᠠᠲᠤᠷᠴᠤᠳ ᠲᠤ ᠬᠦᠨᠳᠦᠳᠬᠡᠯ ᠳᠡᠪᠰᠢᠭᠦᠯᠬᠦ ᠨᠢ ᠢᠷᠡᠭᠡᠳᠦᠢ ᠶᠢ ᠳᠠᠪᠲᠠᠨ ᠪᠣᠯᠪᠠᠰᠤᠷᠠᠭᠤᠯᠬᠤ ᠎ ᠶᠢᠨ ᠲᠥᠯᠥᠭᠡ ᠶᠤᠮ᠃ ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠣᠯᠠᠨ ᠢᠶᠠᠷ ᠢᠶᠠᠨ᠂ ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠠᠴᠠ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠣᠯᠵᠤ᠂ ᠦᠷᠡᠭᠳᠡᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠬᠠᠮᠲᠤ ᠪᠠᠷ ᠪᠠᠳᠠᠷᠠᠭᠤᠯᠵᠤ᠂ ᠬᠤᠪᠢᠰᠬᠠᠯ ᠤᠨ ᠤᠳᠤᠮᠰᠢᠯ ᠢ ᠵᠠᠯᠭᠠᠮᠵᠢᠯᠠᠵᠤ᠂ ᠦᠷᠡᠭᠳᠡᠭᠰᠡᠨ ᠪᠠᠭᠠᠳᠤᠷᠴᠦᠳ ᠢ ᠳᠤᠷᠠᠰᠤᠨ ᠰᠠᠨᠠᠭᠠᠯᠵᠠᠵᠤ᠂ ᠠᠵᠢᠯ ᠬᠢᠵᠦ ᠦᠶᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠬᠤ᠂ ᠴᠤᠭ ᠪᠠᠳᠠᠷᠠᠩᠭᠤᠶ ᠪᠠᠷ ᠤᠷᠤᠭᠰᠢᠯᠠᠨ ᠳᠠᠪᠰᠢᠬᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠣᠶᠤᠨ ᠰᠠᠨᠠᠭᠠᠨ ᠤ ᠪᠠᠶᠢᠳᠠᠯ ᠪᠣᠯᠤᠨ ᠠᠵᠢᠯ ᠤᠨ ᠬᠠᠯᠠᠭᠤᠨ ᠰᠡᠳᠬᠢᠯᠭᠡ ᠪᠠᠷ ᠠᠵᠢᠯ ᠳᠤ ᠪᠠᠨ ᠢᠳᠡᠪᠬᠢᠲᠡᠶ ᠣᠷᠣᠯᠴᠠᠵᠤ᠂ ᠣᠯᠠᠨ ᠲᠦᠮᠡᠨ ᠳᠤ ᠦᠶᠯᠡᠴᠢᠯᠡᠵᠦ᠂ ᠪᠦᠬᠦ ᠬᠤᠰᠢᠭᠤᠨ ᠤ ᠡᠯ᠎ᠡ‌ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠤᠨ᠎ᠠ ᠭᠡᠵᠦ ᠢᠯᠡᠳᠬᠡᠵᠡᠭᠡᠪᠡ  ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号