ᠮᠠᠨ ᠤ ᠬᠤᠰᠢᠭᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠤᠨ ᠰᠤᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/19
      ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠥᠯᠥᠭᠡ᠂ 4 ᠰᠠᠷ᠎ᠠ ᠶᠢᠨ 3᠎ ᠤ ᠡᠳᠦᠷ᠂ ᠮᠠᠨ ᠤ ᠬᠤᠰᠢᠭᠤ 2024 ᠣᠨ ᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠎ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠵᠤ᠂ ᠬᠤᠰᠢᠭᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠪᠣᠯᠤᠨ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠰᠣᠨᠢᠨ ᠮᠡᠳᠡᠭᠡᠨ ᠤ ᠥᠭᠦᠯᠡᠭᠴᠢ ᠠᠴᠠ 2024 ᠣᠨ ᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠤᠨ ᠶᠡᠷᠦᠩᠬᠡᠶ ᠪᠠᠶᠢᠳᠠᠯ ᠤᠨ ᠲᠤᠬᠠᠶ ᠲᠠᠶᠢᠯᠤᠮᠵᠢ ᠬᠢᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠰᠤᠷᠪᠤᠯᠵᠢᠯᠠᠭᠴᠢ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠡᠨᠡ ᠵᠢᠯ ᠬᠤᠰᠢᠭᠤ ᠠᠷᠠᠳ ᠤᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︿︿2023----2025 ᠣᠨ ᠤ ᠪᠥᠬᠦ ᠬᠤᠰᠢᠭᠤᠨ ᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠤᠨ ᠬᠡᠷᠡᠭᠵᠢᠭᠦᠯᠬᠦ ᠲᠥᠰᠦᠯ﹀﹀ ᠪᠣᠯᠤᠨ ︿︿2024 ᠣᠨ ᠤ ᠪᠥᠬᠦ ᠬᠤᠰᠢᠭᠤᠨ ᠤ ᠬᠠᠪᠤᠷ ᠤᠨ ᠤᠯᠠᠷᠢᠯ ᠎ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠠᠵᠢᠯ ᠤᠨ ᠠᠯᠪᠠᠨ ᠵᠠᠷᠯᠠᠯ﹀﹀ ᠶᠣᠰᠣᠭᠠᠷ᠂ ᠪᠥᠬᠦ ᠬᠤᠰᠢᠭᠤᠨ ᠤ 10 ᠰᠤᠮᠤ ᠪᠠᠯᠭᠠᠰᠤ ︵ᠲᠠᠯᠠᠪᠠᠶ︶᠎ ᠶᠢᠨ 62  ᠭᠠᠴᠠᠭᠠᠨ ᠤ ᠮᠠᠯ  ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠎ ᠳᠤ ᠪᠡᠯᠴᠢᠭᠡᠷ ᠰᠡᠷᠭᠦᠭᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ 4961.19 ᠲᠦᠮᠡᠨ ᠮᠥ ᠪᠡᠯᠴᠢᠭᠡᠷ ᠳᠠᠬᠢ        ᠦᠬᠡᠷ᠂ ᠬᠤᠨᠢ ︵ᠮᠣᠷᠢ᠂ ᠲᠡᠮᠡᠭᠡ ᠶᠢ ᠪᠠᠭᠲᠠᠭᠠᠬᠤ ᠦᠭᠡᠶ︶᠎ ᠳᠤ ᠬᠠᠪᠤᠷ ᠤᠨ ᠤᠯᠠᠷᠢᠯ ᠤᠨ ᠡᠪᠡᠰᠦᠨ ᠤ ᠤᠷᠭᠤᠯᠲᠠ ᠶᠢᠨ ᠬᠤᠭᠤᠴᠠᠭᠠᠨ ᠳᠤ ᠪᠡᠯᠴᠢᠭᠡᠷ ᠰᠡᠷᠭᠦᠭᠡᠬᠦ ᠶᠢ ᠬᠡᠷᠡᠭᠵᠢᠭᠦᠯᠵᠦ᠂ 4 ᠰᠠᠷ᠎ᠠ ᠶᠢᠨ 5᠎ ᠤ ᠡᠳᠦᠷ ᠠᠴᠠ 5 ᠰᠠᠷ᠎ᠠ ᠶᠢᠨ 19᠎ ᠤ ᠡᠳᠦᠷ ᠪᠣᠯᠲᠠᠯ᠎ᠠ 45 ᠡᠳᠦᠷ ᠶᠠᠪᠤᠭᠳᠠᠨ᠎ᠠ  ᠃      ᠣᠶᠢᠯᠠᠭᠠᠭᠰᠠᠨ ᠢᠶᠠᠷ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠡᠯᠴᠢᠭᠡᠷ ᠰᠡᠷᠭᠦᠭᠡᠬᠦ ᠶᠢ ᠬᠡᠷᠡᠭᠵᠢᠭᠦᠯᠵᠦ ᠪᠠᠶᠢᠭ᠎ᠠ ᠮᠠᠯᠵᠢᠬᠤ ᠡᠷᠦᠬᠡ ᠳᠤ ᠪᠡᠯᠴᠢᠭᠡᠷ ᠰᠡᠷᠭᠦᠭᠡᠬᠦ ᠨᠤᠲᠤᠭ ᠪᠡᠯᠴᠢᠭᠡᠷ ᠤᠨ ᠲᠠᠯᠠᠪᠠᠶ ᠪᠠᠷ ᠪᠡᠯᠴᠢᠭᠡᠷ ᠰᠡᠷᠭᠦᠭᠡᠬᠦ ᠨᠥᠬᠦᠪᠥᠷᠢ ᠣᠯᠭᠤᠨ᠎ᠠ᠂ ᠪᠠᠷᠢᠮᠵᠢᠶ᠎ᠠ ᠨᠢ 1.125 ᠲᠥᠭᠦᠷᠢᠭ / ᠮᠥ ᠪᠣᠯᠤᠨ᠎ᠠ ︵ᠡᠩ ᠤᠨ ᠪᠡᠯᠴᠢᠭᠡᠷᠯᠡᠭᠦᠯᠬᠦ ᠶᠢ ᠵᠤᠭᠰᠤᠭᠠᠬᠤ ᠪᠠᠷᠢᠮᠵᠢᠶ᠎ᠠ ᠪᠠᠷ ᠯᠠᠪᠯᠠᠯᠲᠠ ᠪᠣᠯᠭᠠᠨ᠎ᠠ︶᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号