ᠪᠦᠬᠦ ᠠᠶᠢᠮᠠᠭ ᠤᠨ ᠵᠠᠯᠠᠭᠤ ᠪᠠᠭᠠᠴᠤᠳ ᠤᠨ ᠴᠢᠯᠦᠭᠡᠲᠦ ᠪᠦᠬᠡ ᠶᠢᠨ ᠪᠤᠯᠪᠠᠰᠤᠷᠠᠯ ᠮᠠᠨ ᠤ ᠬᠤᠰᠢᠭᠤᠨ ᠳᠤ ᠡᠬᠢᠯᠡᠯ᠎ᠡ
ᠨᠡᠶᠢᠲᠡᠯᠡᠭᠰᠡᠨ ᠴᠠᠭ᠄
2024/4/19
      ᠪᠡᠶ᠎ᠡ ᠶᠢᠨ ᠲᠠᠮᠢᠷ ᠤᠨ ᠦᠶᠯᠡᠰ ᠤᠨ ᠬᠥᠭᠵᠢᠯᠲᠡ ᠶᠢ ᠠᠬᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠠᠬᠢᠭᠤᠯᠵᠤ᠂ ᠵᠠᠯᠠᠭᠤᠴᠤᠳ ᠪᠠᠭᠠᠴᠤᠳ ᠤᠨ ᠶᠣᠰᠣ ᠰᠤᠷᠲᠠᠬᠤᠨ ᠤ ᠪᠣᠯᠪᠠᠰᠤᠷᠠᠯ ᠪᠠ ᠪᠡᠶ᠎ᠡ ᠮᠠᠬᠠᠪᠣᠳ ᠤᠨ ᠬᠡᠪ ᠴᠢᠨᠠᠷ ᠢ ᠪᠦᠲᠦᠮᠵᠢᠲᠡᠶ ᠳᠡᠭᠡᠭᠰᠢᠯᠡᠭᠦᠯᠬᠦ ᠶᠢᠨ ᠲᠥᠯᠥᠭᠡ᠂ ᠬᠤᠰᠢᠭᠤ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠲᠣᠪᠴᠢᠶ᠎ᠠ ᠠᠴᠠ ᠵᠣᠬᠢᠶᠠᠨ ᠪᠠᠶᠢᠭᠤᠯᠵᠤ ᠡᠷᠬᠢᠯᠡᠭᠰᠡᠨ ᠪᠦᠬᠦ ᠠᠶᠢᠮᠠᠭ ᠤᠨ ᠵᠠᠯᠠᠭᠤ ᠪᠠᠭᠠᠴᠤᠳ ᠤᠨ ᠴᠢᠯᠦᠭᠡᠲᠦ ᠪᠦᠬᠡ ᠶᠢᠨ ᠪᠣᠯᠪᠠᠰᠤᠷᠠᠯ 4 ᠰᠠᠷ᠎ᠠ ᠶᠢᠨ 8᠎ ᠤ ᠡᠳᠦᠷ ᠮᠠᠨ ᠤ ᠬᠤᠰᠢᠭᠤᠨ ᠳᠤ ᠡᠬᠢᠯᠡᠵᠡᠢ᠃      ᠪᠣᠯᠪᠠᠰᠤᠷᠠᠯ ᠳᠠᠭᠤᠰᠤᠭᠰᠠᠨ ᠤ ᠳᠠᠷᠠᠭ᠎ᠠ ᠪᠥᠬᠦ ᠠᠶᠢᠮᠠᠭ ᠤᠨ ᠬᠡᠪᠴᠢᠶᠡᠨ ᠳᠠᠬᠢ ᠵᠠᠯᠠᠭᠤᠴᠤᠳ ᠪᠠᠭᠠᠴᠤᠳ ᠎ ᠤᠨ ᠴᠢᠯᠥᠭᠡᠲᠦ ᠪᠥᠬᠡ ᠶᠢᠨ ᠤᠷᠤᠯᠳᠤᠭᠠᠨ ᠶᠠᠪᠤᠭᠳᠠᠬᠤ ᠪᠤᠯᠤᠨ᠎ᠠ᠃      ᠰᠢᠯᠢ ᠶᠢᠨ ᠭᠤᠤᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠰᠠᠯᠪᠤᠷᠢ ᠶᠢᠨ ᠴᠢᠯᠥᠭᠡᠲᠦ ᠪᠥᠬᠡ ᠶᠢᠨ ᠠᠩᠭᠢ᠂ ᠰᠢᠯᠢ ᠶᠢᠨ ᠬᠤᠲᠠ᠂ ᠮᠠᠨ ᠤ ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠤᠯᠠᠭᠠᠶ ᠨᠡᠭᠡᠭᠡᠯᠲᠡ ᠶᠢᠨ ᠤᠷᠤᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢ ᠠᠬᠢᠭᠤᠯᠬᠤ ᠲᠥᠪ ᠵᠢᠴᠢ ᠡᠯ᠎ᠡ ᠨᠡᠶᠢᠭᠡᠮᠯᠢᠭ ᠤᠨ ᠨᠡᠶᠢᠲᠡ 40 ᠭᠠᠷᠤᠶ ᠬᠥᠮᠦᠨ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃      ᠲᠤᠰ ᠤᠳᠠᠭᠠᠨ ᠤ ᠠᠵᠢᠯᠯᠠᠭ᠎ᠠ ᠳᠤ ᠥᠪᠡᠷᠲᠡᠭᠡᠨ ᠵᠠᠰᠠᠬᠤ ᠣᠷᠣᠨ ᠤ ᠴᠢᠯᠥᠭᠡᠲᠦ ᠪᠥᠬᠡ ᠶᠢᠨ ᠠᠯᠳᠠᠷᠲᠤ ᠳᠠᠰᠬᠠᠯᠵᠢᠭᠤᠯᠤᠭᠴᠢ ᠶᠢ ᠤᠷᠢᠵᠤ ᠲᠠᠮᠢᠷᠴᠢᠳ ᠲᠤ 7 ᠡᠳᠦᠷ ᠤᠨ ᠬᠤᠭᠤᠴᠠᠭ᠎ᠠ ᠲᠠᠢ ᠲᠤᠰᠬᠠᠶ ᠮᠡᠷᠭᠡᠵᠢᠯ ᠤᠨ ᠪᠣᠯᠪᠠᠰᠤᠷᠠᠯ  ᠬᠦᠷᠲᠡᠭᠡᠬᠦ ᠪᠠᠷ ᠪᠠᠶᠢᠨ᠎ᠠ᠃      ᠲᠤᠰ ᠤᠳᠠᠭᠠᠨ ᠤ ᠵᠠᠯᠠᠭᠤᠴᠤᠳ ᠪᠠᠭᠠᠴᠤᠳ ᠤᠨ ᠴᠢᠯᠥᠭᠡᠲᠦ ᠪᠥᠬᠡ ᠶᠢᠨ ᠪᠣᠯᠪᠠᠰᠤᠷᠠᠯ ᠵᠢᠴᠢ ᠤᠷᠢᠯᠭ᠎ᠠ ᠎ ᠶᠢᠨ ᠤᠷᠤᠯᠳᠤᠭᠠᠨ ᠨᠢ ᠪᠦᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠴᠢᠯᠥᠭᠡᠲᠦ ᠪᠥᠬᠡ ᠎ ᠶᠢᠨ ᠲᠠᠮᠢᠷᠴᠢᠳ ᠲᠤ ᠮᠡᠷᠭᠡᠵᠢᠯ ᠢᠶᠠᠨ ᠰᠣᠯᠢᠯᠴᠠᠬᠤ ᠲᠠᠪᠴᠠᠩ ᠬᠠᠩᠭᠠᠵᠤ᠂ ᠵᠠᠯᠠᠭᠤᠴᠤᠳ ᠪᠠᠭᠠᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠳᠡᠭᠡᠭᠰᠢᠯᠡᠭᠦᠯᠬᠦ᠂ ᠥᠷᠭᠡᠨ ᠣᠯᠠᠨ ᠵᠠᠯᠠᠭᠤᠴᠤᠳ ᠪᠠᠭᠠᠴᠤᠳ ᠤᠨ ᠴᠢᠯᠥᠭᠡᠲᠦ ᠪᠥᠬᠡ ᠶᠢᠨ ᠲᠥᠷᠥᠯ ᠵᠦᠢᠯ ᠤᠨ ᠤᠷ᠎ᠠ ᠴᠢᠳᠠᠪᠤᠷᠢ ᠶᠢ ᠡᠵᠡᠮᠰᠢᠬᠦ ᠪᠠ ᠲᠦᠭᠡᠮᠡᠯᠵᠢᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠬᠤ ᠳᠤ ᠢᠳᠡᠪᠬᠢᠲᠡᠶ ᠦᠢᠯᠡᠳᠦᠯ ᠲᠠᠢ ᠶᠤᠮ᠃      ᠬᠤᠶᠢᠰᠢᠳᠠ ᠮᠠᠨ ᠤ ᠬᠤᠰᠢᠭᠤ ᠨᠢ ᠦᠷᠭᠦᠯᠵᠢᠯᠡᠨ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠲᠤ  ᠰᠢᠯᠢᠳᠡᠭ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠦᠷᠭᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠦᠢᠯᠡᠰ ᠲᠤ ᠨᠠᠩ ᠶᠡᠭᠡ ᠭᠡᠷᠡᠯ ᠰᠠᠴᠤᠷᠠᠩᠭᠤᠶ ᠬᠤᠪᠢ ᠨᠡᠮᠡᠷᠢ ᠦᠵᠡᠭᠦᠯᠬᠦ ᠪᠣᠯᠤᠨ᠎ᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号