ᠠᠶᠢᠮᠠᠭ ᠤᠨ ᠳᠡᠳ᠋ ᠳᠠᠷᠤᠭ᠎ᠠ ᠰᠦᠨ ᠵᠧᠨ ᠵᠢᠶᠠᠩ ᠮᠠᠨ ᠤ ᠬᠤᠰᠢᠭᠤᠨ ᠳᠤ ᠭᠦᠨᠵᠡᠭᠡᠶᠢᠷᠡᠨ ᠠᠵᠢᠯ ᠪᠠᠶᠢᠴᠠᠭᠠᠨ ᠰᠤᠳᠤᠯᠵᠤ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2024/4/19
      4 ᠰᠠᠷ᠎ᠠ ᠶᠢᠨ 5᠎ ᠠᠴᠠ 6᠎ ᠤ ᠡᠳᠦᠷ ᠪᠣᠯᠲᠠᠯ᠎ᠠ᠂ ᠠᠶᠢᠮᠠᠭ ᠤᠨ ᠳᠡᠳ᠋ ᠳᠠᠷᠤᠭ᠎ᠠ᠂ ᠰᠢᠯᠢ ᠶᠢᠨ ᠬᠤᠲᠠ ᠎ ᠶᠢᠨ ᠨᠠᠮ ᠤᠨ ᠬᠤᠷᠢᠶᠠᠨ ᠤ ᠱᠦᠵᠢ ᠰᠦᠨ ᠵᠧᠨ ᠵᠢᠶᠠᠩ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠶ ᠰᠢᠭᠤᠶ ᠨᠤᠲᠤᠭ ᠪᠡᠯᠴᠢᠭᠡᠷ ᠎ ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠢ ᠳᠠᠭᠠᠭᠤᠯᠤᠨ ᠮᠠᠨ ᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦ᠋ᠶ ᠯᠦᠩ ᠬᠠᠮᠲᠦ ᠪᠠᠶᠢᠴᠠᠭᠠᠨ ᠰᠤᠳᠤᠯᠤᠯᠲᠠ ᠬᠢᠪᠡ  ᠃      ᠰᠦᠨ ᠵᠧᠨ ᠵᠢᠶᠠᠩ ᠤᠷᠢᠳ ᠬᠤᠵᠢᠳ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠦᠵᠦᠮᠦᠴᠢᠨ ᠬᠤᠨᠢᠨ ᠤ ᠦᠵᠡᠭᠦᠯᠭᠡ ᠶᠢᠨ ᠲᠢᠩᠬᠢᠮ᠂ ᠲᠢᠶᠠᠨ ᠲᠠᠢ ᠲᠠᠷᠢᠶᠠᠯᠠᠩ ᠮᠠᠯ ᠠᠵᠤ ᠠᠬᠤᠶ ᠎ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ᠂ ᠮᠠᠨᠳᠤᠬᠤᠪᠤᠯᠠᠭ ᠪᠠᠯᠭᠠᠰᠤ᠂ ᠪᠣᠭᠳᠠ ᠠᠭᠤᠯᠠ ᠤᠯᠤᠰ ᠤᠨ ᠥᠮᠴᠢᠯᠡᠯ ᠤᠨ ᠣᠶ ᠰᠢᠭᠤᠶ ᠶᠢᠨ ᠲᠠᠯᠠᠪᠠᠶ ᠵᠡᠷᠭᠡ ᠳᠤ ᠭᠦᠨᠵᠡᠭᠡᠶᠢᠷᠡᠵᠦ᠂ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠬᠦ᠂ ᠠᠶᠤᠯᠭᠦᠶ ᠦᠶᠯᠡᠳᠪᠦᠷᠢᠯᠡᠯ᠂ ᠮᠠᠯ ᠠᠵᠤ ᠠᠬᠤᠶ ᠶᠢᠨ ᠬᠥᠭᠵᠢᠯᠲᠡ᠂ ᠠᠵᠤ ᠦᠶᠯᠡᠰ ᠤᠨ ᠲᠥᠷᠥᠯ ᠵᠦᠶᠯ ᠤᠨ ᠡᠵᠡᠩᠨᠡᠯᠲᠡ ᠪᠣᠯᠤᠨ ᠮᠠᠯᠵᠢᠬᠤ ᠣᠷᠣᠨ ᠤ ᠦᠶᠯᠡᠳᠪᠦᠷᠢᠯᠡᠯ ᠠᠮᠢᠳᠤᠷᠠᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠤᠳᠤ ᠪᠣᠯ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠠᠩᠭᠢᠯᠠᠭ᠎ᠠ ᠶᠢᠨ ᠴᠠᠭ ᠪᠣᠯᠤᠨ᠎ᠠ᠂ ᠠᠶᠤᠯᠭᠦᠢ ᠦᠢᠯᠡᠳᠪᠦᠷᠢᠯᠡᠯ ᠤᠨ ᠡᠨᠡ ᠬᠦ ᠰᠢᠵᠢᠮ ᠢ ᠴᠠᠭ ᠢᠮᠠᠭᠲᠠ ᠴᠢᠩᠭᠠᠯᠠᠵᠤ᠂ ᠲᠠᠶᠢᠪᠤᠰᠢᠷᠠᠬᠤ ᠪᠤᠳᠤᠯ ᠪᠣᠯᠤᠨ ᠭᠤᠷᠢᠳᠠᠬᠤ ᠪᠤᠳᠤᠯ ᠢ ᠡᠷᠡᠰ ᠲᠡᠪᠴᠢᠵᠦ᠂ ︿︿ᠴᠠᠭ ᠢᠮᠠᠭᠲᠠ ᠰᠡᠳᠬᠢᠯ ᠠᠮᠤᠷ ᠪᠠᠶᠢᠬᠤ﹀﹀ ᠬᠠᠷᠢᠭᠤᠴᠠᠯᠭᠠᠲᠤ ᠰᠡᠳᠬᠢᠯᠭᠡ ᠪᠣᠯᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠵᠣᠷᠢᠭ ᠰᠠᠨᠠᠭ᠎ᠠ ᠪᠠᠷ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠨᠠᠷᠢᠯᠢᠭ ᠰᠠᠶᠢᠲᠤᠷ ᠬᠢᠬᠦ ᠬᠡᠷᠡᠭᠲᠡᠢ᠃ ᠠᠮᠢ ᠠᠬᠤᠶ ᠎ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠪᠥᠬᠦ ᠠᠶᠢᠮᠠᠭ ᠤᠨ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠮᠠᠯᠴᠢᠨ ᠲᠠᠷᠢᠶᠠᠴᠢᠳ ᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠴᠢᠨᠠᠷ ᠰᠠᠶᠢᠲᠠᠶ ᠡᠪᠡᠰᠦ ᠪᠣᠷᠳᠤᠭ᠎ᠠ ᠳᠠᠷᠢᠬᠤ ᠪᠠ ᠰᠠᠶᠢᠨ ᠡᠭᠦᠯᠳᠡᠷ ᠤᠨ ᠠᠯᠠᠰᠢᠨ ᠦᠬᠡᠷ ᠦᠷᠡᠵᠢᠭᠦᠯᠦᠨ ᠪᠣᠶᠢᠵᠢᠭᠤᠯᠬᠤ ᠶᠢ ᠶᠡᠬᠡᠪᠡᠷ ᠬᠥᠭᠵᠢᠭᠦᠯᠵᠦ᠂ ᠬᠤᠨᠢ ᠡᠪᠡᠰᠦ᠂ ᠴᠠᠷᠭᠠᠰᠤ᠂ ᠳᠠᠷᠤᠰᠢᠭᠤᠯᠤᠭᠰᠠᠨ ᠡᠷᠳᠡᠨᠢ ᠰᠢᠰᠢ ᠵᠡᠷᠭᠡ ᠶᠢᠨ ᠳᠠᠷᠢᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠂ ᠠᠯᠠᠰᠢᠨ ᠦᠬᠡᠷ ᠤᠨ ᠬᠤᠪᠢ ᠶᠢᠨ ᠦᠶᠯᠡᠳᠪᠦᠷᠢᠯᠡᠯ ᠤᠨ ᠥᠷᠲᠡᠭ ᠪᠠ ᠬᠠᠮᠲᠤᠯᠢᠭ ᠤᠨ ᠦᠷ᠎ᠡ ᠠᠰᠢᠭ ᠢ ᠳᠡᠭᠡᠭᠰᠢᠯᠡᠭᠦᠯᠵᠦ᠂ ᠣᠲᠣ ᠦᠶ᠎ᠡ ᠶᠢᠨ ᠮᠠᠯ ᠠᠵᠤ ᠠᠬᠤᠶ ᠶᠢᠨ ᠪᠥᠬᠦ ᠠᠵᠤ ᠦᠶᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠂ ᠮᠠᠯ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ ᠪᠠ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ ᠭᠡᠵᠡᠢ᠃       ᠮᠠᠨᠳᠤᠬᠤᠪᠤᠯᠠᠭ ᠪᠠᠯᠭᠠᠰᠤᠨ ᠤ ᠪᠠᠶᠠᠨ ᠪᠦᠷᠢᠳᠦ ᠭᠠᠴᠠᠭᠠᠨ ᠤ ᠮᠠᠯᠵᠢᠬᠤ ᠡᠷᠦᠬᠡ ᠳᠤ᠂ ᠰᠦᠨ ᠵᠧᠨ ᠵᠢᠶᠠᠩ ᠲᠥᠯ ᠲᠤᠰᠴᠤ ᠪᠣᠶᠢᠵᠢᠭᠤᠯᠬᠤ᠂ ᠡᠪᠡᠰᠦ ᠪᠣᠷᠳᠤᠭ᠎ᠠ ᠨᠥᠭᠡᠴᠡᠯᠡᠬᠦ᠂ ᠬᠢᠵᠢᠭ ᠡᠪᠡᠳᠴᠢᠨ ᠢ ᠰᠡᠷᠭᠡᠶᠢᠯᠡᠨ‌ᠵᠠᠰᠠᠬᠤ᠂ ᠦᠶᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠪᠠ᠃ ᠲᠡᠷᠡ ᠴᠢᠬᠤᠯᠠᠴᠢᠯᠠᠬᠤ ᠳᠠᠭᠠᠨ᠂ ᠣᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠬᠦᠶᠲᠡᠨ ᠳᠤᠯᠠᠭᠠᠨ ᠢ ᠢᠮᠠᠭᠲᠠ ᠰᠡᠳᠬᠢᠯ ᠳᠡᠭᠡᠨ ᠪᠤᠳᠤᠵᠤ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠪᠠ ᠮᠠᠯ ᠠᠵᠤ ᠠᠬᠤᠶ ᠶᠢᠨ ᠦᠶᠯᠡᠳᠪᠦᠷᠢᠯᠡᠯ ᠤᠨ ᠬᠤᠭᠤᠴᠠᠭᠠᠨ ᠳᠠᠬᠢ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠡᠪᠡᠰᠦ ᠪᠣᠷᠳᠤᠭ᠎ᠠ ᠨᠥᠭᠡᠴᠡᠯᠡᠬᠦ᠂ ᠬᠠᠰᠢᠶ᠎ᠠ ᠰᠠᠷᠠᠪᠴᠢ ᠶᠢ ᠬᠠᠮᠠᠭᠠᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠠᠴᠢᠯᠠᠨ ᠬᠠᠮᠢᠶᠠᠷᠬᠤ ᠨᠥᠬᠦᠴᠡᠯ ᠢ ᠦᠨᠡᠨ ᠬᠦ ᠰᠠᠶᠢᠵᠢᠷᠠᠭᠤᠯᠵᠤ᠂ ᠬᠠᠪᠤᠷ ᠤᠨ ᠤᠯᠠᠷᠢᠯ ᠤᠨ ᠬᠡᠪ ᠤᠨ ᠮᠠᠯ ᠠᠵᠤ ᠠᠬᠤᠶ ᠶᠢᠨ ᠦᠶᠯᠡᠳᠪᠦᠷᠢᠯᠡᠯ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号