2023 ᠣᠨ ᠳᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ | ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ | ᠬᠡᠷᠡᠭᠯᠡᠭᠡᠨ ᠤ ᠳᠠᠯᠳᠠ ᠬᠦᠴᠦᠨ ᠢ ᠢᠳᠡᠪᠬᠢᠲᠡᠢ ᠪᠠᠷ ᠠᠭᠤᠳᠠᠯᠤᠨ᠂ ᠬᠡᠷᠡᠭᠯᠡᠭᠡᠨ ᠤ ᠵᠠᠭᠪᠤᠷ ᠢ ᠥᠷᠭᠡᠳᠬᠡᠵᠦ᠂ | ᠬᠡᠷᠡᠭᠯᠡᠭᠡᠨ ᠤ ᠬᠡᠷᠡᠭᠴᠡᠭᠡ ᠶᠢ ᠴᠢᠯᠦᠭᠡᠲᠡᠢ ᠪᠣᠯᠭᠠᠭᠰᠠᠨ ᠢᠶᠠᠷ᠂ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ | ᠶᠡᠷᠦᠩᠬᠡᠢ ᠳᠡᠭᠡᠨ ᠡᠮᠬᠢ ᠵᠢᠷᠤᠮ ᠲᠠᠢ ᠪᠠᠷ ᠰᠡᠷᠭᠦᠬᠦ ᠬᠠᠨᠳᠤᠰᠢ ᠲᠠᠢ ᠪᠣᠯᠤᠭᠰᠠᠨ ᠪᠠᠶᠢᠨ᠎ᠠ᠃ ᠵᠠᠬ᠎ᠠ ᠳᠡᠯᠭᠡᠭᠦᠷ ᠤᠨ | ᠬᠡᠪᠴᠢᠶ᠎ᠡ ᠶᠢ ᠲᠣᠭᠲᠠᠭᠤᠨ ᠢᠶᠠᠷ ᠥᠷᠭᠡᠳᠬᠡᠵᠦ᠂ ᠬᠤᠲᠠ ᠬᠥᠳᠡᠭᠡ ᠶᠢᠨ ᠵᠠᠬ᠎ᠠ ᠳᠡᠯᠭᠡᠭᠦᠷ ᠢ ᠵᠡᠷᠭᠡᠪᠡᠷ ᠨᠡᠮᠡᠭᠳᠡᠭᠦᠯᠪᠡ᠃ | | ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ | ᠬᠡᠮᠵᠢᠶ᠎ᠡ 113415 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠪᠠᠷ | ᠨᠡᠮᠡᠭᠳᠡᠵᠦ᠂ ᠶᠡᠷᠦᠩᠬᠡᠢ ᠬᠡᠮᠵᠢᠶ᠎ᠡ ᠨᠢ ᠪᠥᠬᠦ ᠠᠶᠢᠮᠠᠭ ᠲᠤ ᠵᠢᠷᠭᠤᠳᠤᠭᠠᠷ ᠲᠤ ᠣᠷᠣᠵᠤ᠂ ᠨᠡᠮᠡᠭᠳᠡᠯ ᠤᠨ ᠬᠤᠷᠳᠤᠴᠠ | ᠨᠢ ᠪᠥᠬᠦ ᠠᠶᠢᠮᠠᠭ ᠲᠤ ᠨᠠᠢᠮᠠᠳᠤᠭᠠᠷ ᠲᠤ ᠣᠷᠣᠪᠠ᠃ ᠶᠡᠷᠦᠩᠬᠡᠢ ᠬᠡᠮᠵᠢᠶ᠎ᠡ ᠨᠢ ᠨᠢᠳᠤᠨᠤᠨ ᠤ ᠠᠳᠠᠯᠢ ᠬᠤᠭᠤᠴᠠᠭᠠᠨ ᠤ | ᠬᠢ ᠲᠠᠢ ᠠᠳᠠᠯᠢ ᠪᠠᠶᠢᠵᠤ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.0 | ᠵᠠᠭᠤᠨ ᠤ ᠨᠢᠭᠡᠴᠢ ᠳᠡᠭᠡᠭᠰᠢᠯᠡᠪᠡ᠃ | ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ | ᠵᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ 76100 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.4% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 6.9 ᠵᠠᠭᠤᠨ ᠤ ᠨᠢᠭᠡᠴᠢ ᠥᠨᠳᠥᠷ ᠪᠣᠯᠪᠠ︔ ᠮᠠᠯᠵᠢᠬᠤ ᠣᠷᠣᠨ ᠤ ᠬᠡᠷᠡᠭᠯᠡᠭᠡᠨ ᠤ | ᠵᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ 37315 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 4.2% ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 7.3 ᠵᠠᠭᠤᠨ ᠤ ᠨᠢᠭᠡᠴᠢ ᠥᠨᠳᠥᠷ ᠪᠣᠯᠪᠠ︔ ᠬᠡᠷᠡᠭᠯᠡᠭᠡᠨ ᠤ ᠲᠥᠷᠥᠯ ᠬᠡᠯᠪᠡᠷᠢ ᠠᠴᠠ | ᠦᠵᠡᠪᠡᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 74826 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2.6% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 4.9 ᠵᠠᠭᠤᠨ ᠤ ᠨᠢᠭᠡᠴᠢ ᠥᠨᠳᠥᠷ ᠪᠣᠯᠪᠠ︔ ᠢᠳᠡᠭᠡᠨ ᠤᠮᠳᠠᠭᠠᠨ ᠤ ᠵᠦᠢᠯᠡᠰ ᠤᠨ | ᠵᠢᠵᠢᠭᠯᠡᠨ ᠬᠤᠳᠠᠯᠳᠤᠭᠰᠠᠨ ᠣᠷᠣᠯᠭ᠎ᠠ 38589 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 7.7% ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ | 13.1 ᠵᠠᠭᠤᠨ ᠤ ᠨᠢᠭᠡᠴᠢ ᠥᠨᠳᠥᠷ ᠪᠣᠯᠪᠠ᠃ |