ᠠᠶᠢᠮᠠᠭ ᠤᠨ ᠳᠡᠳ᠋ ᠳᠠᠷᠤᠭ᠎ᠠ ᠰᠦᠨ ᠵᠧᠨ ᠵᠢᠶᠠᠩ ᠮᠠᠨ ᠤ ᠬᠤᠰᠢᠭᠤᠨ ᠳᠤ ᠭᠦᠨᠵᠡᠭᠡᠶᠢᠷᠡᠨ ᠠᠵᠢᠯ ᠪᠠᠶᠢᠴᠠᠭᠠᠨ ᠰᠤᠳᠤᠯᠵᠤ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2024/4/19
      4 ᠰᠠᠷ᠎ᠠ ᠶᠢᠨ 5 ᠠᠴᠠ 6 ᠤ ᠡᠳᠦᠷ ᠪᠣᠯᠲᠠᠯ᠎ᠠ᠂ ᠠᠶᠢᠮᠠᠭ ᠤᠨ ᠳᠡᠳ᠋ ᠳᠠᠷᠤᠭ᠎ᠠ᠂ ᠰᠢᠯᠢ ᠶᠢᠨ ᠬᠤᠲᠠ  ᠶᠢᠨ ᠨᠠᠮ ᠤᠨ ᠬᠤᠷᠢᠶᠠᠨ ᠤ ᠱᠦᠵᠢ ᠰᠦᠨ ᠵᠧᠨ ᠵᠢᠶᠠᠩ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠣᠶ ᠰᠢᠭᠤᠶ ᠨᠤᠲᠤᠭ ᠪᠡᠯᠴᠢᠭᠡᠷ  ᠤᠨ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠢ ᠳᠠᠭᠠᠭᠤᠯᠤᠨ ᠮᠠᠨ ᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦ᠋ᠶ ᠯᠦᠩ ᠬᠠᠮᠲᠦ ᠪᠠᠶᠢᠴᠠᠭᠠᠨ ᠰᠤᠳᠤᠯᠤᠯᠲᠠ ᠬᠢᠪᠡ  ᠃      ᠰᠦᠨ ᠵᠧᠨ ᠵᠢᠶᠠᠩ ᠤᠷᠢᠳ ᠬᠤᠵᠢᠳ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠦᠵᠦᠮᠦᠴᠢᠨ ᠬᠤᠨᠢᠨ ᠤ ᠦᠵᠡᠭᠦᠯᠭᠡ ᠶᠢᠨ ᠲᠢᠩᠬᠢᠮ᠂ ᠲᠢᠶᠠᠨ ᠲᠠᠢ ᠲᠠᠷᠢᠶᠠᠯᠠᠩ ᠮᠠᠯ ᠠᠵᠤ ᠠᠬᠤᠶ  ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ᠂ ᠮᠠᠨᠳᠤᠬᠤᠪᠤᠯᠠᠭ ᠪᠠᠯᠭᠠᠰᠤ᠂ ᠪᠣᠭᠳᠠ ᠠᠭᠤᠯᠠ ᠤᠯᠤᠰ ᠤᠨ ᠥᠮᠴᠢᠯᠡᠯ ᠤᠨ ᠣᠶ ᠰᠢᠭᠤᠶ ᠶᠢᠨ ᠲᠠᠯᠠᠪᠠᠶ ᠵᠡᠷᠭᠡ ᠳᠤ ᠭᠦᠨᠵᠡᠭᠡᠶᠢᠷᠡᠵᠦ᠂ ᠣᠶ ᠰᠢᠭᠤᠶ ᠨᠤᠲᠤᠭ ᠪᠡᠯᠴᠢᠭᠡᠷ ᠤᠨ ᠲᠦᠶᠮᠡᠷ ᠢ ᠰᠡᠷᠭᠡᠶᠢᠯᠡᠬᠦ᠂ ᠠᠶᠤᠯᠭᠦᠶ ᠦᠶᠯᠡᠳᠪᠦᠷᠢᠯᠡᠯ᠂ ᠮᠠᠯ ᠠᠵᠤ ᠠᠬᠤᠶ ᠶᠢᠨ ᠬᠥᠭᠵᠢᠯᠲᠡ᠂ ᠠᠵᠤ ᠦᠶᠯᠡᠰ ᠤᠨ ᠲᠥᠷᠥᠯ ᠵᠦᠶᠯ ᠤᠨ ᠡᠵᠡᠩᠨᠡᠯᠲᠡ ᠪᠣᠯᠤᠨ ᠮᠠᠯᠵᠢᠬᠤ ᠣᠷᠣᠨ ᠤ ᠦᠶᠯᠡᠳᠪᠦᠷᠢᠯᠡᠯ ᠠᠮᠢᠳᠤᠷᠠᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠤᠳᠤ ᠪᠣᠯ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠠᠩᠭᠢᠯᠠᠭ᠎ᠠ ᠶᠢᠨ ᠴᠠᠭ ᠪᠣᠯᠤᠨ᠎ᠠ᠂ ᠠᠶᠤᠯᠭᠦᠢ ᠦᠢᠯᠡᠳᠪᠦᠷᠢᠯᠡᠯ ᠤᠨ ᠡᠨᠡ ᠬᠦ ᠰᠢᠵᠢᠮ ᠢ ᠴᠠᠭ ᠢᠮᠠᠭᠲᠠ ᠴᠢᠩᠭᠠᠯᠠᠵᠤ᠂ ᠲᠠᠶᠢᠪᠤᠰᠢᠷᠠᠬᠤ ᠪᠤᠳᠤᠯ ᠪᠣᠯᠤᠨ ᠭᠤᠷᠢᠳᠠᠬᠤ ᠪᠤᠳᠤᠯ ᠢ ᠡᠷᠡᠰ ᠲᠡᠪᠴᠢᠵᠦ᠂ ︿︿ᠴᠠᠭ ᠢᠮᠠᠭᠲᠠ ᠰᠡᠳᠬᠢᠯ ᠠᠮᠤᠷ ᠪᠠᠶᠢᠬᠤ﹀﹀ ᠬᠠᠷᠢᠭᠤᠴᠠᠯᠭᠠᠲᠤ ᠰᠡᠳᠬᠢᠯᠭᠡ ᠪᠣᠯᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠵᠣᠷᠢᠭ ᠰᠠᠨᠠᠭ᠎ᠠ ᠪᠠᠷ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠨᠠᠷᠢᠯᠢᠭ ᠰᠠᠶᠢᠲᠤᠷ ᠬᠢᠬᠦ ᠬᠡᠷᠡᠭᠲᠡᠢ᠃ ᠠᠮᠢ ᠠᠬᠤᠶ  ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠪᠥᠬᠦ ᠠᠶᠢᠮᠠᠭ ᠤᠨ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠮᠠᠯᠴᠢᠨ ᠲᠠᠷᠢᠶᠠᠴᠢᠳ ᠢ ᠵᠣᠷᠢᠭᠵᠢᠭᠤᠯᠤᠨ ᠬᠥᠲᠥᠯᠥᠨ ᠵᠢᠯᠣᠭᠤᠳᠴᠤ ᠴᠢᠨᠠᠷ ᠰᠠᠶᠢᠲᠠᠶ ᠡᠪᠡᠰᠦ ᠪᠣᠷᠳᠤᠭ᠎ᠠ ᠳᠠᠷᠢᠬᠤ ᠪᠠ ᠰᠠᠶᠢᠨ ᠡᠭᠦᠯᠳᠡᠷ ᠤᠨ ᠠᠯᠠᠰᠢᠨ ᠦᠬᠡᠷ ᠦᠷᠡᠵᠢᠭᠦᠯᠦᠨ ᠪᠣᠶᠢᠵᠢᠭᠤᠯᠬᠤ ᠶᠢ ᠶᠡᠬᠡᠪᠡᠷ ᠬᠥᠭᠵᠢᠭᠦᠯᠵᠦ᠂ ᠬᠤᠨᠢ ᠡᠪᠡᠰᠦ᠂ ᠴᠠᠷᠭᠠᠰᠤ᠂ ᠳᠠᠷᠤᠰᠢᠭᠤᠯᠤᠭᠰᠠᠨ ᠡᠷᠳᠡᠨᠢ ᠰᠢᠰᠢ ᠵᠡᠷᠭᠡ ᠶᠢᠨ ᠳᠠᠷᠢᠬᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠂ ᠠᠯᠠᠰᠢᠨ ᠦᠬᠡᠷ ᠤᠨ ᠬᠤᠪᠢ ᠶᠢᠨ ᠦᠶᠯᠡᠳᠪᠦᠷᠢᠯᠡᠯ ᠤᠨ ᠥᠷᠲᠡᠭ ᠪᠠ ᠬᠠᠮᠲᠤᠯᠢᠭ ᠤᠨ ᠦᠷ᠎ᠡ ᠠᠰᠢᠭ ᠢ ᠳᠡᠭᠡᠭᠰᠢᠯᠡᠭᠦᠯᠵᠦ᠂ ᠣᠲᠣ ᠦᠶ᠎ᠡ ᠶᠢᠨ ᠮᠠᠯ ᠠᠵᠤ ᠠᠬᠤᠶ ᠶᠢᠨ ᠪᠥᠬᠦ ᠠᠵᠤ ᠦᠶᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠤᠨ᠂ ᠮᠠᠯ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ ᠪᠠ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ ᠭᠡᠵᠡᠢ᠃       ᠮᠠᠨᠳᠤᠬᠤᠪᠤᠯᠠᠭ ᠪᠠᠯᠭᠠᠰᠤᠨ ᠤ ᠪᠠᠶᠠᠨ ᠪᠦᠷᠢᠳᠦ ᠭᠠᠴᠠᠭᠠᠨ ᠤ ᠮᠠᠯᠵᠢᠬᠤ ᠡᠷᠦᠬᠡ ᠳᠤ᠂ ᠰᠦᠨ ᠵᠧᠨ ᠵᠢᠶᠠᠩ ᠲᠥᠯ ᠲᠤᠰᠴᠤ ᠪᠣᠶᠢᠵᠢᠭᠤᠯᠬᠤ᠂ ᠡᠪᠡᠰᠦ ᠪᠣᠷᠳᠤᠭ᠎ᠠ ᠨᠥᠭᠡᠴᠡᠯᠡᠬᠦ᠂ ᠬᠢᠵᠢᠭ ᠡᠪᠡᠳᠴᠢᠨ ᠢ ᠰᠡᠷᠭᠡᠶᠢᠯᠡᠨ‌ᠵᠠᠰᠠᠬᠤ᠂ ᠦᠶᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠪᠠ᠃ ᠲᠡᠷᠡ ᠴᠢᠬᠤᠯᠠᠴᠢᠯᠠᠬᠤ ᠳᠠᠭᠠᠨ᠂ ᠣᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠬᠦᠶᠲᠡᠨ ᠳᠤᠯᠠᠭᠠᠨ ᠢ ᠢᠮᠠᠭᠲᠠ ᠰᠡᠳᠬᠢᠯ ᠳᠡᠭᠡᠨ ᠪᠤᠳᠤᠵᠤ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠪᠠ ᠮᠠᠯ ᠠᠵᠤ ᠠᠬᠤᠶ ᠶᠢᠨ ᠦᠶᠯᠡᠳᠪᠦᠷᠢᠯᠡᠯ ᠤᠨ ᠬᠤᠭᠤᠴᠠᠭᠠᠨ ᠳᠠᠬᠢ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠡᠪᠡᠰᠦ ᠪᠣᠷᠳᠤᠭ᠎ᠠ ᠨᠥᠭᠡᠴᠡᠯᠡᠬᠦ᠂ ᠬᠠᠰᠢᠶ᠎ᠠ ᠰᠠᠷᠠᠪᠴᠢ ᠶᠢ ᠬᠠᠮᠠᠭᠠᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠠᠴᠢᠯᠠᠨ ᠬᠠᠮᠢᠶᠠᠷᠬᠤ ᠨᠥᠬᠦᠴᠡᠯ ᠢ ᠦᠨᠡᠨ ᠬᠦ ᠰᠠᠶᠢᠵᠢᠷᠠᠭᠤᠯᠵᠤ᠂ ᠬᠠᠪᠤᠷ ᠤᠨ ᠤᠯᠠᠷᠢᠯ ᠤᠨ ᠬᠡᠪ ᠤᠨ ᠮᠠᠯ ᠠᠵᠤ ᠠᠬᠤᠶ ᠶᠢᠨ ᠦᠶᠯᠡᠳᠪᠦᠷᠢᠯᠡᠯ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号