ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠥᠰᠥᠭ ᠵᠢᠷᠤᠵᠤ ︽ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2024/4/19
      ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 10 ᠤ ᠡᠳᠦᠷ ᠤᠨ ᠮᠡᠳᠡᠭᠡ    ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠲᠦᠷᠦᠭᠦᠬᠡᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ ᠲᠤ ᠭᠠᠷ ᠤᠨ ᠥᠰᠥᠭ ᠵᠢᠷᠤᠨ᠂ ︽ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ︾       ︵ᠳᠣᠷᠣᠭᠰᠢ ︽ᠳᠦᠷᠢᠮ︾ ᠭᠡᠵᠦ ᠲᠣᠪᠴᠢᠯᠠᠪᠠ︶ ᠢ ᠨᠡᠶᠢᠲᠡᠯᠡᠵᠦ᠂ 2024 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ ᠪᠣᠯ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠴᠢᠬᠤᠯᠠ ᠪᠦᠷᠢᠯᠳᠦᠭᠦᠨ ᠬᠡᠰᠡᠭ ᠮᠥᠨ᠃ ︽ᠳᠦᠷᠢᠮ︾ ᠨᠢ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠭᠡᠬᠦ ᠣᠶᠢᠯᠠᠭᠠᠭᠳᠠᠬᠤᠨ ᠢ ᠪᠠᠷᠢᠮᠲᠠᠯᠠᠨ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠲᠤᠬᠠᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠪᠠ ᠱᠠᠭᠠᠷᠳᠠᠯᠭ᠎ᠠ ᠵᠢᠴᠢ ᠪᠦᠲᠦᠮᠵᠢᠲᠡᠶ ᠲᠤᠷᠰᠢᠯᠭ᠎ᠠ ᠠᠷᠭ᠎ᠠ ᠬᠢᠳᠡᠯ ᠤᠳ ᠢ ᠶᠡᠷᠦᠩᠬᠡᠶᠢᠯᠡᠭᠰᠡᠨ ᠴᠢᠨᠠᠷᠲᠠᠢ᠂ ᠰᠠᠭᠤᠷᠢ ᠴᠢᠨᠠᠷᠲᠠᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠬᠡᠯᠪᠡᠷᠢ ᠪᠠᠷ ᠪᠠᠬᠢᠵᠢᠭᠦᠯᠦᠨ ᠥᠷᠭᠡᠳᠬᠡᠬᠦ ᠪᠣᠯᠣᠨ᠎ᠠ᠃ ᠪᠠᠰᠠ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠦᠨᠳᠦᠰᠦᠨ ᠳᠦᠷᠢᠮ ᠲᠣᠭᠲᠠᠭᠠᠯ ᠢ ᠳᠣᠭᠲᠠᠭᠠᠭᠰᠨ ᠠᠴᠠ ᠬᠠᠤᠯᠢ ᠪᠠᠷ ᠵᠠᠰᠠᠬᠤ ᠶᠢᠨ ᠦᠨᠳᠦᠰᠦ ᠶᠢ ᠪᠠᠲᠤᠳᠬᠠᠬᠤ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠬᠡᠳᠦ ᠳᠤ ᠠᠰᠢᠭᠲᠠᠢ ᠦᠢᠯᠡᠳᠦᠯ ᠤᠳ ᠢ ᠨᠢ ᠭᠦᠢᠴᠡᠳ ᠪᠠᠳᠠᠷᠠᠭᠤᠯᠬᠤ ᠪᠣᠯᠣᠨ᠎ᠠ᠃ ︽ᠳᠦᠷᠢᠮ︾ ᠨᠡᠶᠢᠲᠡ 6 ᠪᠦᠯᠦᠭ 33 ᠵᠦᠢᠯ ᠲᠠᠢ᠂ ᠭᠤᠣᠯᠳᠠᠭᠤ ᠳᠠᠷᠠᠭᠠᠬᠢ ᠠᠭᠤᠯᠭ᠎ᠠ ᠨᠤᠭᠤᠳ ᠢ ᠲᠣᠭᠲᠠᠭᠠᠵᠠᠢ᠄      ᠨᠢᠭᠡ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠠᠭᠤᠯᠤᠭᠳᠠᠬᠤᠨ ᠢ ᠲᠣᠳᠣᠷᠬᠠᠶᠢᠯᠠᠪᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠭᠡᠳᠡᠭ ᠪᠣᠯ ᠡᠳ᠋ ᠤᠨ ᠵᠠᠰᠠᠭ ᠭᠤᠯᠳᠤ ᠪᠠᠷ ᠨᠥᠬᠦᠪᠦᠷᠢ ᠥᠭᠬᠦ᠂ ᠭᠠᠵᠠᠷ ᠣᠷᠣᠨ ᠨᠤᠭᠤᠳ ᠬᠤᠭᠤᠷᠣᠨᠳᠤ ᠪᠠᠨ ᠬᠥᠨᠳᠡᠯᠡᠨ ᠢᠶᠠᠷ ᠨᠥᠬᠦᠪᠦᠷᠢ ᠥᠭᠬᠦ᠂ ᠵᠠᠬ᠎ᠠ ᠳᠡᠯᠭᠡᠭᠦᠷ ᠤᠨ ᠲᠣᠭᠲᠠᠴᠠ ᠨᠥᠬᠦᠪᠦᠷᠢ ᠥᠭᠬᠦ ᠵᠡᠷᠭᠡ ᠲᠣᠭᠲᠠᠴᠠ ᠪᠠᠷ ᠳᠠᠮᠵᠢᠭᠤᠯᠤᠨ᠂ ᠲᠣᠭᠲᠠᠭᠠᠯ ᠪᠤᠶᠤ ᠪᠣᠯᠵᠣᠯ ᠶᠣᠰᠣᠭᠠᠷ ᠠᠮᠢ ᠠᠬᠤᠢ ᠶᠢᠨ ᠬᠠᠮᠠᠭᠠᠯᠠᠯᠲᠠ ᠥᠷᠨᠢᠭᠦᠯᠦᠭᠰᠡᠨ ᠨᠢᠭᠡᠴᠢ ᠪᠠ ᠬᠤᠪᠢ ᠬᠥᠮᠥᠨ ᠳᠤ ᠨᠥᠬᠦᠪᠦᠷᠢ ᠥᠭᠬᠦ ᠤᠷᠮᠠᠰᠢᠭᠤᠯᠤᠯ ᠤᠨ ᠴᠢᠨᠠᠷᠲᠠᠢ ᠳᠦᠷᠢᠮ ᠤᠨ ᠲᠣᠬᠢᠷᠠᠭᠤᠯᠤᠯᠲᠠ ᠶᠢ ᠵᠢᠭᠠᠵᠤ ᠪᠠᠶᠢᠨ᠎ᠠ᠃      ᠬᠤᠶᠠᠷ᠂ ᠠᠵᠢᠯ ᠤᠨ ᠵᠠᠷᠴᠢᠮ ᠢ ᠲᠣᠳᠣᠷᠬᠠᠶᠢᠯᠠᠨ᠂ ᠠᠵᠢᠯ ᠤᠨ ᠲᠣᠭᠲᠠᠴᠠ ᠶᠢ ᠪᠦᠷᠢᠨᠰᠢᠭᠦᠯᠪᠡ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠵᠠᠰᠠᠭ ᠤᠨ ᠣᠷᠳᠣᠨ ᠭᠤᠣᠯᠯᠠᠬᠤ᠂ ᠨᠡᠶᠢᠭᠡᠮ ᠣᠷᠣᠯᠴᠠᠬᠤ᠂ ᠵᠠᠬ᠎ᠠ ᠳᠡᠯᠭᠡᠭᠦᠷ ᠲᠣᠬᠢᠷᠠᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠤᠷᠮᠠᠰᠢᠭᠤᠯᠬᠤ ᠬᠢᠭᠡᠳ ᠬᠢᠵᠠᠭᠠᠷᠯᠠᠬᠤ ᠶᠢ ᠵᠡᠷᠭᠡ ᠳᠤ ᠴᠢᠬᠤᠯᠠᠴᠢᠯᠠᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠯᠡᠨ ᠬᠠᠮᠵᠢᠯᠴᠠᠨ ᠠᠬᠢᠭᠤᠯᠬᠤ ᠶᠢ ᠪᠠᠷᠢᠮᠲᠠᠯᠠᠵᠤ᠂ ᠠᠮᠢ ᠠᠬᠤᠢ ᠶᠢᠨ ᠦᠷ᠎ᠡ ᠠᠰᠢᠭ ᠢ ᠠᠵᠤ ᠠᠬᠤᠢ ᠪᠠ ᠨᠡᠶᠢᠭᠡᠮ ᠤᠨ ᠦᠷ᠎ᠡ ᠠᠰᠢᠭ ᠲᠠᠢ ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃      ᠭᠤᠷᠪᠠ᠂ ᠡᠳ᠋ ᠤᠨ ᠵᠠᠰᠠᠭ ᠭᠤᠯᠳᠤ ᠪᠠᠷ ᠨᠥᠬᠦᠪᠦᠷᠢ ᠥᠭᠬᠦ ᠶᠢ ᠵᠢᠷᠤᠮᠵᠢᠭᠤᠯᠤᠨ᠎ᠠ᠃ ᠤᠯᠤᠰ ᠡᠳ᠋ ᠤᠨ ᠵᠠᠰᠠᠭ ᠠᠴᠠ ᠰᠢᠯᠵᠢᠭᠦᠯᠦᠨ ᠥᠭᠬᠦ ᠵᠡᠷᠭᠡ ᠠᠷᠭ᠎ᠠ ᠪᠠᠷ ᠳᠠᠮᠵᠢᠭᠤᠯᠤᠨ᠂ ᠴᠢᠬᠤᠯᠠ ᠠᠮᠢ ᠠᠬᠤᠢ ᠶᠢᠨ ᠣᠷᠴᠢᠨ ᠲᠣᠭᠤᠷᠢᠨ ᠤ ᠬᠦᠴᠦᠨ ᠵᠦᠢᠯ ᠤᠨ ᠬᠠᠮᠠᠭᠠᠯᠠᠯᠲᠠ ᠥᠷᠨᠢᠭᠦᠯᠦᠭᠰᠡᠨ ᠵᠢᠴᠢ ᠠᠮᠢ ᠠᠬᠤᠢ ᠶᠢᠨ ᠴᠢᠳᠠᠮᠵᠢ ᠴᠢᠬᠤᠯᠠ ᠣᠷᠣᠨ ᠪᠦᠰᠡ ᠳᠤ ᠠᠮᠢ ᠠᠬᠤᠢ ᠶᠢᠨ ᠬᠠᠮᠠᠭᠠᠯᠠᠯᠲᠠ ᠥᠷᠨᠢᠭᠦᠯᠦᠭᠰᠡᠨ ᠨᠢᠭᠡᠴᠢ ᠪᠠ ᠬᠤᠪᠢ ᠬᠥᠮᠥᠨ ᠳᠤ ᠨᠥᠬᠦᠪᠦᠷᠢ ᠥᠭᠭᠦᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠥᠬᠦᠪᠦᠷᠢ ᠪᠡᠯᠡ ᠮᠥᠩᠭᠦ ᠶᠢ ᠠᠮᠢ ᠠᠬᠤᠢ ᠶᠢᠨ ᠬᠠᠮᠠᠭᠠᠯᠠᠯᠲᠠ ᠥᠷᠨᠢᠭᠦᠯᠦᠭᠰᠡᠨ ᠨᠢᠭᠡᠴᠢ ᠪᠠ ᠬᠤᠪᠢ ᠬᠥᠮᠥᠨ ᠳᠤ ᠴᠠᠭ ᠲᠤᠬᠠᠢ ᠳᠤ ᠨᠢ ᠣᠯᠭᠤᠬᠤ ᠬᠡᠷᠡᠭᠲᠡᠢ︔ ᠣᠷᠣᠨ ᠨᠤᠲᠤᠭ ᠤᠨ ᠵᠠᠰᠠᠭ ᠤᠨ ᠣᠷᠳᠣᠨ ᠤ ᠨᠢᠭᠡᠳᠦᠯᠲᠡᠢ ᠲᠥᠯᠥᠪᠯᠡᠨ ᠬᠡᠷᠡᠭᠯᠡᠬᠦ ᠪᠡᠯᠡ ᠮᠥᠩᠭᠦ ᠶᠢ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ᠂ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ ᠪᠠ ᠵᠠᠰᠠᠨ ᠰᠡᠷᠭᠦᠭᠡᠬᠦ ᠵᠡᠷᠭᠡ ᠳᠤ ᠤᠷᠢᠳ ᠢᠶᠠᠷ ᠬᠡᠷᠡᠭᠯᠡᠬᠦ ᠬᠡᠷᠡᠭᠲᠡᠢ᠃      ᠳᠥᠷᠪᠡ ᠂ ᠭᠠᠵᠠᠷ ᠣᠷᠣᠨ ᠨᠤᠭᠤᠳ ᠬᠤᠭᠤᠷᠤᠨᠳᠤ ᠪᠠᠨ ᠬᠥᠨᠳᠡᠯᠡᠨ ᠢᠶᠠᠷ ᠨᠥᠬᠦᠪᠦᠷᠢ ᠥᠭᠬᠦ ᠶᠢ ᠲᠡᠭᠦᠯᠳᠡᠷᠵᠢᠭᠦᠯᠦᠨ᠎ᠡ᠃ ᠠᠮᠢ ᠠᠬᠤᠢ ᠶᠢᠨ ᠠᠰᠢᠭ ᠭᠥᠷᠳᠡᠬᠦ ᠭᠠᠵᠠᠷ ᠣᠷᠣᠨ ᠬᠢᠭᠡᠳ ᠠᠮᠢ ᠠᠬᠤᠢ ᠶᠢᠨ ᠬᠠᠮᠠᠭᠠᠯᠠᠯᠲᠠ ᠶᠢᠨ ᠭᠠᠵᠠᠷ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠳᠡᠯᠴᠡᠬᠦ ᠵᠡᠷᠭᠡ ᠠᠷᠭ᠎ᠠ ᠪᠠᠷ ᠳᠠᠮᠵᠢᠭᠤᠯᠤᠨ᠂ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠶᠢᠨ ᠲᠣᠭᠲᠠᠴᠠ ᠪᠠᠶᠢᠭᠤᠯᠬᠤ ᠶᠢ ᠨᠢ ᠵᠣᠷᠢᠭᠵᠢᠭᠤᠯᠵᠤ ᠵᠢᠯᠤᠭᠤᠳᠴᠤ ᠠᠬᠢᠭᠤᠯᠤᠨ᠎ᠠ᠃ ᠠᠮᠢ ᠠᠬᠤᠢ ᠶᠢᠨ ᠴᠢᠳᠠᠮᠵᠢ ᠣᠨᠴᠠ ᠴᠢᠬᠤᠯᠠ ᠣᠷᠣᠨ ᠪᠦᠰᠡ ᠳᠤ᠂ ᠭᠠᠵᠠᠷ ᠣᠷᠣᠨ ᠨᠤᠭᠤᠳ ᠬᠤᠭᠤᠷᠤᠨᠳᠤ ᠪᠠᠨ ᠬᠥᠨᠳᠡᠯᠡᠨ ᠢᠶᠠᠷ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠭᠦᠭᠰᠡᠨ ᠪᠠᠶᠢᠪᠠᠯ᠂ ᠲᠥᠪ ᠤᠨ ᠡᠳ᠋ ᠤᠨ ᠵᠠᠰᠠᠭ ᠪᠠ ᠮᠤᠵᠢ ᠶᠢᠨ ᠱᠠᠲᠤᠨ ᠤ ᠡᠳ᠋ ᠤᠨ ᠵᠠᠰᠠᠭ ᠬᠥᠲᠥᠯᠥᠨ ᠵᠢᠯᠤᠭᠤᠳᠴᠤ ᠲᠡᠮᠵᠢᠵᠤ ᠪᠣᠯᠣᠨ᠎ᠠ︔ ᠨᠥᠬᠦᠪᠦᠷᠢ ᠥᠭᠬᠦ ᠲᠣᠭᠲᠠᠴᠠ ᠶᠢᠨ ᠪᠠᠶᠢᠭᠤᠯᠤᠯᠲᠠ ᠳᠤ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠪᠠᠯ᠂ ᠲᠦᠷᠦ ᠶᠢᠨ ᠶᠠᠪᠤᠳᠠᠯ ᠤᠨ ᠬᠤᠷᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠤᠳ ᠲᠥᠯᠥᠪᠯᠡᠭᠡ᠂ ᠪᠡᠯᠡ ᠮᠥᠩᠭᠦ᠂ ᠲᠦᠰᠦᠯ ᠤᠨ ᠲᠣᠬᠢᠷᠠᠭᠤᠯᠤᠯᠲᠠ ᠵᠡᠷᠭᠡ ᠲᠠᠯ᠎ᠠ ᠪᠠᠷ ᠵᠣᠬᠢᠰᠲᠠᠢ ᠳᠡᠮᠵᠢᠵᠦ ᠪᠣᠯᠣᠨ᠎ᠠ᠃      ᠲᠠᠪᠤ ᠂ ᠵᠠᠬ᠎ᠠ ᠳᠡᠯᠭᠡᠭᠦᠷ ᠤᠨ ᠲᠣᠭᠲᠠᠴᠠ ᠨᠥᠬᠦᠪᠦᠷᠢ ᠥᠭᠬᠦ ᠶᠢ ᠵᠣᠷᠢᠭᠵᠢᠭᠤᠯᠤᠨ ᠠᠬᠢᠭᠤᠯᠤᠨ᠎ᠠ᠃ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠬᠦᠴᠦᠨ ᠵᠢᠴᠢ ᠣᠷᠣᠨ ᠨᠤᠲᠤᠭ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ ᠳᠦᠷᠢᠮ ᠶᠣᠰᠣᠭᠠᠷ᠂ ᠪᠤᠬᠢᠷᠳᠤᠯ ᠦᠭᠡᠢ ᠦᠢᠯᠡᠳᠬᠦᠨ ᠪᠠ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠪᠠᠷ ᠳᠠᠮᠵᠢᠭᠤᠯᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ ᠶᠢ ᠨᠢ ᠵᠣᠷᠢᠭᠵᠢᠭᠤᠯᠤᠨ᠎ᠠ᠃ ᠨᠡᠶᠢᠭᠡᠮ ᠤᠨ ᠪᠡᠯᠡ ᠮᠥᠩᠭᠦ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠰᠠᠭᠤᠷᠢ ᠮᠥᠩᠭᠦ ᠪᠠᠶᠢᠭᠤᠯᠤᠨ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠳᠤ ᠬᠠᠤᠯᠢ ᠶᠣᠰᠣᠭᠠᠷ ᠡᠮᠬᠢ ᠵᠢᠷᠤᠮ ᠲᠠᠢ ᠪᠠᠷ ᠣᠷᠣᠯᠴᠠᠭᠤᠯᠤᠨ᠎ᠠ᠃      ᠵᠢᠷᠭᠤᠭ᠎ᠠ᠂ ᠪᠠᠲᠤᠯᠠᠭ᠎ᠠ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠵᠢᠴᠢ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠪᠡᠯᠡ ᠮᠥᠩᠭᠦ ᠶᠢ ᠴᠠᠭ ᠲᠤᠬᠠᠢ ᠳᠤ ᠨᠢ ᠪᠠᠭᠤᠯᠭᠠᠬᠤ ᠪᠠ ᠬᠠᠷᠭᠤᠭᠤᠯᠤᠨ ᠥᠭᠬᠦ ᠬᠡᠷᠡᠭᠲᠡᠢ᠂ ᠪᠡᠯᠡ ᠮᠥᠩᠭᠦ ᠶᠢ ᠦᠯᠡᠳᠡᠭᠡᠨ ᠠᠪᠤᠭᠰᠠᠨ᠂ ᠡᠵᠡᠯᠡᠨ ᠬᠡᠷᠡᠭᠯᠡᠭᠰᠡᠨ᠂ ᠨᠡᠭᠦᠯᠭᠡᠨ ᠬᠡᠷᠡᠭᠯᠡᠭᠰᠡᠨ᠂ ᠥᠷᠢᠲᠦᠵᠦ ᠤᠳᠠᠭᠠᠰᠢᠷᠠᠭᠤᠯᠤᠭᠰᠠᠨ ᠪᠤᠶᠤ ᠲᠣᠭᠲᠠᠭᠠᠯ ᠶᠣᠰᠣᠭᠠᠷ ᠬᠡᠷᠡᠭᠯᠡᠭᠰᠡᠨ ᠦᠭᠡᠢ ᠮᠥᠷᠲᠡᠭᠡᠨ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠪᠡᠯᠡ ᠮᠥᠩᠭᠦ ᠶᠢ ᠬᠤᠶᠢᠰᠢᠯᠠᠭᠤᠯᠤᠨ ᠰᠠᠯᠭᠠᠨ ᠥᠭᠬᠦ᠂ ᠪᠠᠭᠠᠰᠬᠠᠨ ᠰᠠᠯᠭᠠᠨ ᠥᠭᠬᠦ᠂ ᠰᠠᠯᠭᠠᠨ ᠥᠭᠬᠦ ᠶᠢ ᠵᠣᠭᠰᠤᠭᠠᠬᠤ ᠪᠤᠶᠤ ᠨᠡᠬᠡᠮᠵᠢᠯᠡᠨ ᠠᠪᠴᠢᠷᠠᠵᠤ        ᠪᠣᠯᠣᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠠᠵᠢᠯ ᠤᠨ ᠪᠠᠶᠢᠳᠠᠯ ᠢ ᠬᠠᠤᠯᠢ ᠶᠣᠰᠣᠭᠠᠷ ᠴᠠᠭ ᠲᠤᠬᠠᠢ ᠳᠤ ᠨᠢ ᠢᠯᠡ ᠪᠣᠯᠭᠠᠵᠤ᠂ ᠬᠢᠨᠠᠨ ᠪᠤᠳᠤᠬᠤ ᠪᠠᠶᠢᠭᠤᠯᠭ᠎ᠠ ᠪᠡᠯᠡ ᠮᠦᠩᠭᠦᠨ ᠤ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠢ ᠬᠠᠤᠯᠢ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号