ᠵᠡᠭᠦᠨ ᠦᠵᠦᠮᠦᠴᠢᠨ ᠬᠤᠰᠢᠭᠤ ᠬᠠᠪᠤᠷ ᠤᠨ ᠤᠯᠠᠷᠢᠯ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/4/2
      ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠠᠷᠠᠳ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠮᠲᠤᠷᠠᠭᠰᠠᠨ ᠬᠦᠴᠦᠨ ᠢ ᠨᠢᠭᠲᠠᠷᠠᠭᠤᠯᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠲᠤ ᠎ ᠪᠠᠷ ᠰᠠᠬᠢᠨ ᠬᠠᠮᠠᠭᠠᠯᠠᠬᠤ ᠶᠢᠨ ᠲᠥᠯᠥᠭᠡ᠂ 3 ᠰᠠᠷ᠎ᠠ ᠶᠢᠨ 18᠎ ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠣᠶ ᠰᠢᠭᠤᠶ ᠶᠢᠨ ᠭᠠᠯ ᠰᠡᠷᠭᠡᠶᠢᠯᠡᠬᠦ ᠶᠡᠭᠡ ᠠᠩᠭᠢ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠶ ᠣᠷᠴᠢᠨ ᠲᠣᠭᠤᠷᠢᠨ ᠤ ᠢᠳᠡᠭᠡᠨ ᠤ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠦᠶᠯᠡᠴᠢᠯᠡᠭᠡᠨ ᠤ ᠲᠥᠪ᠂ ᠵᠡᠭᠦᠨ ᠦᠵᠦᠮᠦᠴᠢᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠵᠡᠷᠭᠡ ᠰᠠᠯᠠᠭ᠎ᠠ ᠮᠥᠴᠢᠷ ᠬᠠᠮᠲᠤᠷᠠᠨ ᠬᠠᠪᠤᠷ ᠤᠨ ᠤᠯᠠᠷᠢᠯ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ  ᠃      ᠤᠬᠠᠭᠤᠯᠭ᠎ᠠ ᠶᠢᠨ ᠡᠩᠨᠡᠭᠡ ᠤᠷᠢᠳ ᠬᠤᠵᠢᠳ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ  ᠲᠠᠬᠢ ᠡᠪᠡᠰᠦ ᠲᠡᠭᠡᠭᠡᠭᠰᠡᠨ ᠲᠡᠷᠭᠡ ᠵᠣᠭᠰᠣᠬᠤ ᠲᠠᠯᠠᠪᠠᠢ᠂ ᠬᠤᠰᠢᠭᠤᠨ ᠲᠦᠪ ᠤᠨ ᠭᠤᠤᠯ ᠵᠡᠭᠡᠯᠢ ᠭᠤᠳᠤᠮᠵᠢ ᠵᠢᠴᠢ ᠦᠵᠦᠮᠦᠴᠢᠨ ᠠᠭᠤᠳᠠᠮ ᠲᠠᠯᠠᠪᠠᠢ ᠳᠤ ᠭᠦᠨᠵᠡᠭᠡᠶᠢᠷᠡᠵᠦ᠂ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠎ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ﹀﹀ ︿︿ᠣᠶ ᠰᠢᠭᠤᠶ ᠪᠠ ᠨᠤᠲᠤᠭ ᠪᠡᠯᠴᠢᠭᠡᠷ ᠎ ᠤᠨ ᠭᠠᠯ ᠰᠡᠷᠭᠡᠶᠢᠯᠡᠬᠦ ᠮᠡᠳᠡᠯᠭᠡ﹀﹀᠎ ᠶᠢ ᠷᠠᠳᠢᠣ᠋ ᠨᠡᠪᠲᠡᠷᠡᠭᠦᠯᠭᠡ ᠪᠠᠷ ᠨᠡᠪᠲᠡᠷᠡᠭᠦᠯᠦᠨ᠂ ᠡᠭᠦᠨ ᠤ ᠬᠠᠮᠲᠦ ᠪᠠᠰᠠ ᠤᠬᠠᠭᠤᠯᠭ᠎ᠠ ᠶᠢᠨ ᠮᠠᠲ᠋ᠧᠷᠢᠶᠠᠯ  ᠲᠠᠷᠬᠠᠭᠠᠵᠤ᠂ ᠲᠤᠬᠠᠶ ᠶᠢᠨ ᠲᠠᠯᠠᠪᠤᠷ ᠶᠢᠨ ᠣᠯᠠᠨ ᠲᠦᠮᠡᠨ ᠤ ᠠᠰᠠᠭᠤᠨ ᠯᠠᠪᠯᠠᠯᠲᠠ ᠶᠢ ᠲᠠᠶᠢᠯᠪᠤᠷᠢᠯᠠᠪᠠ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠤ ᠠᠮᠤᠷ ᠲᠦᠪᠰᠢᠨ ᠢᠶᠠᠷ ᠭᠠᠯ ᠬᠡᠷᠡᠭᠯᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠠᠮᠢᠶ᠎ᠠ ᠪᠥᠬᠦᠶ ᠬᠠᠤᠯᠢ ᠲᠣᠭᠲᠠᠭᠠᠯ ᠢ ᠵᠢᠷᠤᠮᠯᠠᠬᠤ ᠤᠬᠠᠮᠰᠠᠷᠲᠤ ᠴᠢᠨᠠᠷ ᠢ ᠴᠢᠩᠭᠠᠷᠠᠭᠤᠯᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠪᠠᠲᠤ ᠴᠣᠭᠴᠠᠯᠠᠬᠤ ᠳᠤ ᠰᠠᠭᠤᠷᠢ ᠲᠠᠯᠪᠢᠵᠠᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号